ᠪᠤᠭᠤᠲᠤ ᠬᠤᠳᠠ ᠳᠠᠷᠠᠭ᠎ᠠ ᠵᠢᠯ ᠠᠴᠠ ︽ᠤᠯᠤᠰ ᠤᠨ ᠲᠠᠪᠤᠳᠤᠭᠠᠷ︾ ᠪᠠᠷᠢᠮᠵᠢᠶ᠎ᠠ ᠶᠢ ᠬᠡᠷᠡᠭᠵᠢᠭᠦᠯᠵᠤ  ᠰᠢᠨ᠎ᠡ ᠲᠡᠷᠭᠡ ᠪᠠᠷᠢᠮᠵᠢᠶ᠎ᠠ ᠳᠤ ᠬᠦᠷᠬᠦ ᠦᠭᠡᠢ ᠪᠣᠯ ᠫᠠᠶᠢᠰᠠ ᠲᠡᠮᠳᠡᠭ ᠡᠯᠭᠦᠵᠦ ᠪᠣᠯᠬᠤ ᠦᠭᠡᠢ
ᠨᠡᠶᠢᠲᠡᠯᠡᠭᠰᠡᠨ ᠴᠠᠭ᠄
2016/7/6
      ︽ᠮᠠᠰᠢᠨᠲᠤ ᠲᠡᠷᠭᠡᠨ ᠤ ᠪᠤᠬᠢᠷᠳᠤᠯ ᠭᠠᠳᠠᠭᠰᠢᠯᠠᠭᠤᠯᠬᠤ ᠤᠯᠤᠰ ᠤᠨ ᠲᠠᠪᠤᠳᠤᠭᠠᠷ ᠱᠠᠲᠤᠨ ᠤ ᠪᠠᠷᠢᠮᠵᠢᠶ᠎ᠠ ᠶᠢ ᠬᠡᠷᠡᠭᠵᠢᠭᠦᠯᠬᠦ ᠲᠤᠬᠠᠶ ᠮᠡᠳᠡᠭᠳᠡᠯ︾᠎ ᠤᠨ ᠲᠣᠭᠲᠠᠭᠠᠯ ᠢ ᠦᠨᠳᠦᠰᠦᠯᠡᠵᠤ᠂ ᠪᠤᠭᠤᠲᠤ ᠬᠤᠳᠠ 2017 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠮᠠᠰᠢᠨᠲᠤ ᠲᠡᠷᠭᠡᠨ ᠤ ᠪᠤᠬᠢᠷᠳᠤᠯ ᠭᠠᠳᠠᠭᠰᠢᠯᠠᠭᠤᠯᠬᠤ ᠤᠯᠤᠰ ᠤᠨ ᠲᠠᠪᠤᠳᠤᠭᠠᠷ ᠱᠠᠲᠤᠨ ᠤ ᠪᠠᠷᠢᠮᠵᠢᠶ᠎ᠠ ᠶᠢ ᠪᠦᠬᠦ ᠲᠠᠯ᠎ᠠ ᠪᠠᠷ ᠬᠡᠷᠡᠭᠵᠢᠭᠦᠯᠣᠨ᠎ᠠ᠃ ᠲᠤᠬᠠᠶ ᠶᠢᠨ ᠦᠶ᠎ᠡ ᠳᠤ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰ ᠬᠤᠲᠠ ᠶᠢᠨ ᠰᠢᠨ᠎ᠡ ᠪᠠᠷ ᠬᠤᠳᠠᠯᠳᠤᠨ ᠠᠪᠴᠤ ᠳᠠᠩᠰᠠᠯᠠᠭᠤᠯᠤᠨ ᠪᠦᠷᠢᠳᠬᠡᠭᠦᠯᠬᠦ ᠮᠠᠰᠢᠨᠲᠤ ᠲᠡᠷᠭᠡ ᠶᠢᠨ ᠪᠤᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠳᠤ ᠬᠢᠨᠠᠨ ᠪᠠᠶᠢᠴᠠᠭᠠᠯᠲᠠ ᠬᠢᠵᠦ᠂ ᠤᠯᠤᠰ ᠤᠨ ᠲᠠᠪᠤᠳᠤᠭᠠᠷ ᠪᠠᠷᠢᠮᠵᠢᠶ᠎ᠠ ᠳᠤ ᠬᠦᠷᠬᠦ ᠦᠭᠡᠢ ᠪᠣᠯ ᠳᠠᠩᠰᠠᠯᠠᠭᠤᠯᠤᠨ ᠪᠦᠷᠢᠳᠬᠡᠭᠦᠯᠬᠦ ᠲᠤᠬᠠᠶᠢᠯᠠᠭᠰᠠᠨ ᠠᠵᠢᠯ ᠢ ᠭᠦᠢᠴᠡᠳᠬᠡᠵᠦ ᠥᠭᠬᠦ ᠦᠭᠡᠢ᠃      ᠰᠢᠨ᠎ᠡ ᠪᠠᠷᠢᠮᠵᠢᠶ᠎ᠠ ᠨᠢ ᠮᠠᠰᠢᠨᠲᠤ ᠲᠡᠷᠭᠡᠨ ᠤ ᠪᠤᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠶᠢ ᠱᠠᠲᠤ ᠬᠤᠪᠢᠶᠠᠨ᠂ ᠲᠦᠷᠦᠯ ᠬᠡᠯᠪᠡᠷᠢ ᠬᠤᠪᠢᠶᠠᠨ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ 2017 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠤᠢ ᠪᠦᠬᠦᠢ ᠤᠯᠤᠰ ᠲᠠᠭᠠᠨ ᠦᠢᠯᠡᠳᠪᠦᠷᠢᠯᠡᠭᠰᠡᠨ᠂ ᠭᠠᠳᠠᠭᠠᠳᠤ ᠠᠴᠠ ᠣᠷᠣᠭᠤᠯᠤᠭᠰᠠᠨ᠂ ᠪᠣᠷᠣᠯᠠᠭᠤᠯᠤᠭᠰᠠᠨ ᠪᠠ ᠳᠠᠩᠰᠠᠯᠠᠭᠤᠯᠤᠨ ᠪᠦᠷᠢᠳᠬᠡᠭᠦᠯᠦᠭᠰᠡᠨ ᠬᠥᠩᠭᠡᠨ ᠬᠡᠯᠪᠡᠷᠢ ᠶᠢᠨ ᠴᠢᠶ᠋ᠢᠦ ᠲᠡᠷᠭᠡ᠂ ᠬᠦᠨᠳᠦ ᠮᠠᠶ᠋ᠢᠭ ᠤᠨ ᠴᠠᠶᠢᠶ᠋ᠢᠦ ᠲᠡᠷᠭᠡ ︵ᠠᠶᠠᠨᠴᠢᠳ ᠤᠨ ᠲᠡᠷᠭᠡ ᠪᠠ ᠨᠡᠶᠢᠲᠡ ᠶᠢᠨ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠢᠦᠳᠠᠨ ᠤ ᠬᠡᠷᠡᠭᠯᠡᠭᠡᠨ︶ ᠪᠠ ᠬᠤᠶᠠᠷ ᠲᠦᠯᠡᠰᠢ ᠬᠡᠷᠡᠭᠯᠡᠬᠦ ᠬᠡᠯᠪᠡᠷᠢ ᠶᠢᠨ ᠮᠠᠰᠢᠨ ᠲᠡᠷᠭᠡ ᠨᠦᠭᠦᠳ ᠡᠷᠬᠡᠪᠰᠢ ︽ᠤᠯᠤᠰ ᠤᠨ ᠲᠠᠪᠤᠳᠤᠭᠠᠷ︾ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔ 2017 ᠣᠨ ᠤ 7 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠤᠢ ᠪᠦᠬᠦᠢ ᠤᠯᠤᠰ ᠲᠠᠭᠠᠨ ᠦᠢᠯᠡᠳᠪᠦᠷᠢᠯᠡᠭᠰᠡᠨ᠂ ᠭᠠᠳᠠᠭᠠᠳᠤ ᠠᠴᠠ ᠣᠷᠣᠭᠤᠯᠤᠭᠰᠠᠨ᠂ ᠪᠣᠷᠣᠯᠠᠭᠤᠯᠤᠭᠰᠠᠨ ᠪᠠ ᠳᠠᠩᠰᠠᠯᠠᠭᠤᠯᠤᠨ ᠪᠦᠷᠢᠳᠬᠡᠭᠦᠯᠦᠭᠰᠡᠨ ᠬᠦᠨᠳᠦ ᠬᠡᠯᠪᠡᠷᠢ ᠶᠢᠨ ᠴᠠᠶᠢᠶ᠋ᠢᠦ ᠲᠡᠷᠭᠡ ᠨᠦᠭᠦᠳ ᠡᠷᠬᠡᠪᠰᠢ ︽ᠤᠯᠤᠰ ᠤᠨ ᠲᠠᠪᠤᠳᠤᠭᠠᠷ︾ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔ 2018 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠤᠢ ᠪᠦᠬᠦᠢ ᠤᠯᠤᠰ ᠲᠠᠭᠠᠨ ᠦᠢᠯᠡᠳᠪᠦᠷᠢᠯᠡᠭᠰᠡᠨ᠂ ᠭᠠᠳᠠᠭᠠᠳᠤ ᠠᠴᠠ ᠣᠷᠣᠭᠤᠯᠤᠭᠰᠠᠨ᠂ ᠪᠣᠷᠣᠯᠠᠭᠤᠯᠤᠭᠰᠠᠨ ᠪᠠ ᠳᠠᠩᠰᠠᠯᠠᠭᠤᠯᠤᠨ ᠪᠦᠷᠢᠳᠬᠡᠭᠦᠯᠦᠭᠰᠡᠨ ᠬᠥᠩᠭᠡᠨ ᠬᠡᠯᠪᠡᠷᠢ ᠶᠢᠨ ᠴᠠᠶᠢᠶ᠋ᠢᠦ ᠲᠡᠷᠭᠡ ᠨᠦᠭᠦᠳ ᠡᠷᠬᠡᠪᠰᠢ ︽ᠤᠯᠤᠰ ᠤᠨ ᠲᠠᠪᠤᠳᠤᠭᠠᠷ︾ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号