ᠲᠦᠩᠯᠢᠶᠣᠤ ᠬᠤᠳᠠ ᠶᠢᠨ ᠴᠢᠨᠠᠷ ᠰᠠᠶᠢᠲᠠᠶ ᠡᠷᠳᠡᠨᠢ ᠰᠢᠰᠢ ᠶᠢᠨ ᠪᠣᠬᠢᠷᠲᠠᠯ ᠦᠭᠡᠢ ᠤᠰᠤ ᠠᠷᠪᠢᠯᠠᠵᠤ ᠤᠨᠠᠯᠲᠠ ᠶᠢ ᠨᠡᠮᠡᠭᠳᠡᠭᠦᠯᠦᠨ ᠦᠷ᠎ᠡ ᠠᠰᠢᠭ ᠢ ᠳᠡᠭᠡᠭᠰᠢᠯᠡᠭᠦᠯᠬᠦ ᠮᠡᠷᠭᠡᠵᠢᠯ ᠤᠨ ᠳᠡᠯᠭᠡᠷᠡᠭᠦᠯᠦᠯᠲᠡ ᠰᠢᠨ᠎ᠡ ᠠᠮᠵᠢᠯᠲᠠ ᠣᠯᠪᠠ
ᠨᠡᠶᠢᠲᠡᠯᠡᠭᠰᠡᠨ ᠴᠠᠭ᠄
2016/7/7
      2016 ᠣᠨ ᠳᠤ᠂ ᠲᠦᠩᠯᠢᠶᠣᠤ ᠬᠤᠳᠠ 900 ᠲᠦᠮᠡᠨ ᠮᠦ ︵50 ᠲᠦᠮᠡᠨ ᠮᠦ ᠨᠡᠮᠡᠭᠳᠡᠪᠡ︶ ᠠᠮᠤ ᠪᠤᠳᠠᠭᠠᠨ ᠤ ᠴᠢᠳᠠᠮᠵᠢᠳᠤ ᠣᠷᠣᠨ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠡᠷᠳᠡᠨᠢ ᠰᠢᠰᠢ ᠶᠢᠨ ︽ᠨᠢᠭᠡ ᠶᠢ ᠨᠡᠮᠡᠭᠳᠡᠭᠦᠯᠦᠨ ᠬᠤᠶᠠᠷ ᠢ ᠦᠭᠡᠷᠡᠴᠢᠯᠡᠨ ᠭᠤᠷᠪᠠ ᠶᠢ ᠳᠡᠭᠡᠭᠰᠢᠯᠡᠭᠦᠯᠬᠦ︾ ᠮᠡᠷᠭᠡᠵᠢᠯ ᠢ 672.8 ᠲᠦᠮᠡᠨ ᠮᠦ ᠳᠡᠯᠭᠡᠷᠡᠭᠦᠯᠪᠡ᠃ ᠳᠠᠯᠠᠩᠯᠠᠨ ᠲᠠᠷᠢᠭᠰᠠᠨ ᠲᠠᠯᠠᠪᠠᠢ ᠨᠢ 228.6 ᠲᠦᠮᠡᠨ ᠮᠦ ᠬᠦᠷᠴᠦ᠂ ᠡᠭᠦᠨ ᠤ ᠳᠣᠲᠣᠷ᠎ᠠ᠂ ᠬᠠᠯᠢᠰᠤᠯᠢᠭ ᠪᠦᠷᠬᠦᠪᠴᠢ ᠪᠠᠷ ᠳᠤᠰᠤᠯᠭᠠᠨ ᠤᠰᠤᠯᠠᠬᠤ ᠲᠠᠷᠢᠶ᠎ᠠ 76.12 ᠲᠦᠮᠡᠨ ᠮᠦ᠂ ᠪᠦᠷᠬᠦᠪᠴᠢ ᠦᠭᠡᠢ ᠳᠤᠰᠤᠯᠭᠠᠨ ᠤᠰᠤᠯᠠᠬᠤ ᠲᠠᠷᠢᠶ᠎ᠠ 31.42 ᠲᠦᠮᠡᠨ ᠮᠦ᠂ ᠤᠰᠤᠯᠠᠬᠤ ᠨᠥᠬᠦᠴᠡᠯ ᠦᠭᠡᠢ ᠪᠠᠶᠢᠳᠠᠯ ᠳᠣᠣᠷ᠎ᠠ ᠨᠢᠮᠭᠡᠨ ᠪᠦᠷᠬᠦᠪᠴᠢ ᠪᠠᠷ ᠪᠣᠷᠤᠭᠠᠨ ᠤ ᠤᠰᠤ ᠶᠢ ᠬᠤᠷᠠᠮᠳᠤᠭᠤᠯᠵᠤ ᠤᠰᠤ ᠠᠷᠪᠢᠯᠠᠬᠤ ᠲᠠᠷᠢᠮᠠᠯ 3.54 ᠲᠦᠮᠡᠨ ᠮᠦ ᠪᠠᠶᠢᠨ᠎ᠠ᠃ ᠡᠷᠳᠡᠨᠢ ᠰᠢᠰᠢ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠦᠯᠬᠦᠮ ᠨᠢ ᠺᠠᠶᠢᠯᠦ ᠰᠢᠶᠠᠨ ᠤ ᠺᠠᠶᠢᠯᠦ ᠪᠠᠯᠭᠠᠰᠤ ᠶᠢᠨ ᠸᠠᠩ ᠵᠢᠶᠠ ᠳ᠋ᠢᠶᠠᠨ ᠭᠠᠴᠠᠭᠠᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠠᠶᠢᠭᠤᠯᠵᠤ᠂ 530 ᠲᠦᠮᠡᠨ ᠮᠦ ᠲᠠᠯᠠᠪᠠᠢ ᠲᠠᠢ᠂ 5 ᠵᠦᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠦᠷᠨᠢᠭᠦᠯᠵᠦ᠂ 12 ᠳᠦᠭᠦᠮ ᠠᠪᠰᠠᠷᠬᠠᠨ ᠮᠡᠷᠭᠡᠵᠢᠯ ᠤᠨ ᠲᠦᠷᠦᠯ ᠵᠦᠢᠯ ᠢ ᠳᠡᠯᠭᠡᠷᠡᠭᠦᠯᠦᠨ᠂ 22 ᠴᠢᠨᠠᠷ ᠰᠠᠶᠢᠲᠠᠶ ᠡᠷᠳᠡᠨᠢ ᠰᠢᠰᠢ ᠶᠢᠨ ᠲᠥᠷᠥᠯ ᠵᠦᠢᠯ ᠢ ᠳᠡᠯᠭᠡᠨ ᠦᠵᠡᠭᠦᠯᠵᠦ᠂ 700 ᠲᠠᠷᠢᠶᠠᠴᠢᠳ ᠢ ᠪᠣᠯᠪᠠᠰᠤᠷᠠᠭᠤᠯᠤᠨ ᠬᠦᠮᠦᠵᠢᠭᠦᠯᠵᠦ᠂ 1000 ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠶᠢ ᠪᠠᠶᠢᠭᠤᠯᠪᠠ᠃ ︽ᠵᠠᠭᠤᠨ ᠲᠣᠰᠬᠤᠨ ᠮᠢᠩᠭᠠᠨ ᠠᠶᠢᠯ ᠲᠦᠮᠡᠨ ᠡᠷᠦᠭᠡ︾᠎ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠦᠬᠦ ᠬᠤᠲᠠ ᠠᠴᠠ 12 ᠨᠡᠶᠢᠲᠡᠯᠢᠭ ᠭᠠᠴᠠᠭ᠎ᠠ᠂ 100 ᠬᠤᠷᠰᠢᠶ᠎ᠠ ᠪᠠ 1000 ᠲᠠᠷᠢᠮᠠᠯ ᠤᠨ ᠲᠤᠮᠤ ᠡᠷᠦᠭᠡ ᠶᠢ ᠰᠣᠩᠭᠤᠨ᠂ ᠵᠢᠱᠢᠶ᠎ᠡ ᠦᠵᠡᠭᠦᠯᠬᠦ ᠲᠣᠰᠬᠤᠨ ᠨᠢᠭᠡᠪᠦᠷᠢ ᠳᠤ 2 ᠮᠡᠷᠭᠡᠵᠢᠯᠲᠡᠨ ᠲᠠᠢ ᠪᠠᠶᠢᠬᠤ ᠶᠢ ᠦᠨᠡᠨᠬᠦ ᠪᠠᠲᠤᠯᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号