︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ | ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠳᠠᠭᠠᠭᠠᠴᠢᠯᠠᠯᠲᠠ | ᠲᠣᠭᠲᠠᠭᠠᠬᠤ᠂ ᠮᠠᠷᠭᠤᠬᠤ ᠪᠠ ᠥᠪᠥᠷ ᠮᠣᠩᠭᠤᠯ ᠤᠨ ᠵᠠᠰᠠᠭ ᠤᠨ ᠣᠷᠳᠣᠨ ᠤ ᠰᠤᠳᠤᠯᠬᠤ ᠭᠡᠷ ᠤᠨ | ᠡᠷᠬᠢᠯᠡᠭᠴᠢᠳ ᠤᠨ ᠬᠤᠷᠠᠯ ᠢᠶᠠᠷ ᠰᠤᠳᠤᠯᠤᠭᠠᠳ᠂ ᠳᠣᠣᠷᠠᠬᠢ ᠮᠡᠲᠦ ᠭᠤᠶᠤᠴᠢᠯᠠᠭᠴᠢᠳ ᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ | ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ 2016 ᠣᠨ ᠤ ᠳᠠᠭᠠᠭᠠᠴᠢᠯᠠᠯᠲᠠ ᠣᠯᠤᠭᠰᠠᠨ ᠬᠥᠮᠦᠨ ᠪᠣᠯᠬᠤ ᠪᠠᠷ | ᠲᠣᠭᠲᠠᠭᠠᠪᠠ᠃ | ᠰᠡᠳᠦᠪ 1᠂ ᠥᠪᠥᠷ ᠮᠣᠩᠭᠤᠯ ᠤᠨ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ | ᠪᠤᠳᠤᠯᠭ᠎ᠠ᠂ ᠶᠠᠰᠤ ᠴᠢᠨᠠᠷ ᠢ ᠳᠡᠭᠡᠭᠰᠢᠯᠡᠭᠦᠯᠦᠨ ᠬᠦᠭᠵᠢᠭᠦᠯᠬᠦ ᠰᠤᠳᠤᠯᠤᠯ | ᠳᠠᠭᠠᠭᠠᠴᠢᠯᠠᠯᠲᠠ ᠣᠯᠤᠭᠴᠢ᠄ ᠴᠠᠩ ᠴᠢᠩ | ᠲᠦᠰᠢᠭ ᠨᠢᠭᠡᠴᠡ᠄ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ | ᠰᠡᠳᠦᠪ 2᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ | ᠬᠡᠯᠪᠡᠷᠢ ᠶᠢ ᠬᠤᠪᠢᠷᠠᠭᠤᠯᠬᠤ ᠰᠤᠳᠤᠯᠤᠯ | ᠳᠠᠭᠠᠭᠠᠴᠢᠯᠠᠯᠲᠠ ᠣᠯᠤᠭᠴᠢ᠄ ᠵᠤᠤ ᠢᠦᠢ ᠹᠧᠩ | ᠲᠦᠰᠢᠭ ᠨᠢᠭᠡᠴᠡ᠄ ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ | ᠠᠯᠪᠠᠨ ᠭᠡᠷ | ᠰᠡᠳᠦᠪ 3᠂ ᠥᠪᠥᠷ ᠮᠣᠩᠭᠤᠯ ᠤᠨ ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ | ᠰᠢᠨ᠎ᠡ ᠶᠢ ᠡᠭᠦᠳᠬᠦ ᠰᠤᠳᠤᠯᠤᠯ | ᠳᠠᠭᠠᠭᠠᠴᠢᠯᠠᠯᠲᠠ ᠣᠯᠤᠭᠴᠢ᠄ ᠾᠧᠦ ᠡᠯ ᠰᠢᠤ | ᠲᠦᠰᠢᠭ ᠨᠢᠭᠡᠴᠡ᠄ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ | ᠰᠡᠳᠦᠪ 4᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠤ ᠡᠵᠡᠮᠳᠡᠬᠦ ᠴᠢᠬᠤᠯᠠᠲᠠᠢ ᠶᠡᠭᠡ ᠠᠰᠠᠭᠤᠳᠠᠯ ᠤᠳ ᠤᠨ ᠰᠤᠳᠤᠯᠤᠯ | ᠳᠠᠭᠠᠭᠠᠴᠢᠯᠠᠯᠲᠠ ᠣᠯᠤᠭᠴᠢ᠄ ᠯᠢᠦ ᠭᠦᠸᠧ ᠮᠢᠩ | ᠲᠦᠰᠢᠭ ᠨᠢᠭᠡᠴᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ | ᠰᠡᠳᠦᠪ 5᠂ ᠥᠪᠥᠷ ᠮᠣᠩᠭᠤᠯ ᠤᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠶᠢ ᠤᠶᠠᠯᠳᠤᠭᠤᠯᠬᠤ ᠰᠤᠳᠤᠯᠤᠯ | ᠳᠠᠭᠠᠭᠠᠴᠢᠯᠠᠯᠲᠠ ᠣᠯᠤᠭᠴᠢ᠄ ᠴᠧᠨ ᠢᠦᠢ | ᠲᠦᠰᠢᠭ ᠨᠢᠭᠡᠴᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ | ᠲᠢᠩᠬᠢᠮ | ᠰᠡᠳᠦᠪ 6᠂ ᠥᠪᠥᠷ ᠮᠣᠩᠭᠤᠯ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠯ ᠢ ᠠᠬᠢᠭᠤᠯᠬᠤ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠰᠤᠳᠤᠯᠤᠯ | ᠳᠠᠭᠠᠭᠠᠴᠢᠯᠠᠯᠲᠠ ᠣᠯᠤᠭᠴᠢ᠄ ᠯᠢᠦ ᠴᠧᠩ ᠯᠦᠩ | ᠲᠦᠰᠢᠭ ᠨᠢᠭᠡᠴᠡ᠄ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ | ᠰᠡᠳᠦᠪ 7᠂ ᠥᠪᠥᠷ ᠮᠣᠩᠭᠤᠯ ᠤᠨ ᠠᠷᠠᠳ ᠢ ᠨᠡᠭᠦᠯᠭᠡᠬᠦ ᠦᠷ᠎ᠡ ᠪᠦᠲᠦᠮᠵᠢ ᠶᠢ ᠦᠨᠡᠯᠡᠯᠲᠡ ᠬᠢᠭᠡᠳ ᠠᠷᠭ᠎ᠠ | ᠪᠣᠳᠣᠯᠭ᠎ᠠ ᠶᠢᠨ ᠰᠤᠳᠤᠯᠤᠯ | ᠳᠠᠭᠠᠭᠠᠴᠢᠯᠠᠯᠲᠠ ᠣᠯᠤᠭᠴᠢ᠄ ᠶᠢᠨ ᠯᠢᠶᠠᠩ | ᠲᠦᠰᠢᠭ ᠨᠢᠭᠡᠴᠡ᠄ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ | ᠰᠡᠳᠦᠪ 8᠂ ᠥᠪᠥᠷ ᠮᠣᠩᠭᠤᠯ ᠤᠨ ᠡᠪᠡᠳᠴᠢᠨ ᠠᠴᠠ ᠪᠤᠯᠵᠤ ᠶᠠᠳᠠᠭᠤᠷᠠᠬᠤ᠂ ᠳᠠᠭᠢᠵᠤ ᠶᠠᠳᠠᠭᠤᠷᠠᠬᠤ ᠶᠢ | ᠣᠨᠣᠪᠴᠢᠲᠠᠢ ᠲᠠᠶᠢᠯᠬᠤ ᠠᠷᠭ᠎ᠠ ᠪᠣᠳᠣᠯᠭ᠎ᠠ ᠶᠢᠨ ᠰᠤᠳᠤᠯᠤᠯ | ᠳᠠᠭᠠᠭᠠᠴᠢᠯᠠᠯᠲᠠ ᠣᠯᠤᠭᠴᠢ᠄ ᠪᠦᠦ ᠶᠢᠨ ᠱᠠᠨ | ᠲᠦᠰᠢᠭ ᠨᠢᠭᠡᠴᠡ᠄ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ | ᠰᠡᠳᠦᠪ 9᠂ ᠰᠢᠨ᠎ᠡ ᠬᠡᠪ ᠪᠠᠶᠢᠳᠠᠯ ᠳᠣᠣᠷᠠᠬᠢ ᠥᠪᠥᠷ ᠮᠣᠩᠭᠤᠯ ᠤᠨ ᠴᠠᠬᠢᠯᠭᠠᠨ ᠬᠦᠴᠦᠨ ᠤ ᠠᠵᠤ | ᠦᠢᠯᠡᠳᠪᠦᠷᠢ ᠶᠢᠨ ᠬᠥᠭᠵᠢᠯᠲᠡ ᠶᠢᠨ ᠠᠰᠠᠭᠤᠳᠠᠯ ᠤᠨ ᠰᠤᠳᠤᠯᠤᠯ | ᠳᠠᠭᠠᠭᠠᠴᠢᠯᠠᠯᠲᠠ ᠣᠯᠤᠭᠴᠢ᠄ ᠵᠤᠤ ᠬᠠᠢ ᠳ᠋ᠦᠩ | ᠲᠦᠰᠢᠭ ᠨᠢᠭᠡᠴᠡ᠄ ᠥᠪᠥᠷ ᠮᠣᠩᠭᠤᠯ ᠤᠨ ᠶᠡᠭᠡ ᠰᠤᠷᠭᠠᠭᠤᠯᠢ | ᠰᠡᠳᠦᠪ 10᠂ ᠥᠪᠥᠷ ᠮᠣᠩᠭᠤᠯ ᠬᠢᠭᠡᠳ ᠬᠠᠷᠠᠮᠥ᠋ᠷᠡᠨ ᠣᠷᠣᠰ ᠲᠠᠢ ᠨᠡᠭᠡᠭᠡᠯᠲᠡ ᠬᠢᠭᠰᠡᠨ ᠢ | ᠬᠠᠷᠢᠴᠠᠭᠤᠯᠤᠭᠰᠠᠨ ᠰᠤᠳᠤᠯᠤᠯ | ᠳᠠᠭᠠᠭᠠᠴᠢᠯᠠᠯᠲᠠ ᠣᠯᠤᠭᠴᠢ᠄ ᠾᠧ ᠮᠠᠤ ᠴᠦᠨ | ᠲᠦᠰᠢᠭ ᠨᠢᠭᠡᠴᠡ᠄ ᠴᠢᠩᠬᠤᠸᠠ ᠶᠡᠭᠡ ᠰᠤᠷᠭᠠᠭᠤᠯᠢ ᠶᠢᠨ ᠠᠵᠤ ᠠᠬᠤᠶ ᠶᠢᠨ ᠭᠠᠳᠠᠭᠠᠳᠤ ᠶᠠᠪᠤᠳᠠᠯ ᠤᠨ | ᠰᠤᠳᠤᠯᠭᠠᠨ ᠤ ᠲᠥᠪ | ᠰᠡᠳᠦᠪ 11᠂ ᠬᠤᠯᠪᠣᠭᠳᠠᠯ ᠪᠦᠬᠦᠢ ᠮᠤᠵᠢ ᠣᠷᠣᠨ ᠳᠤ ᠬᠢᠭᠰᠡᠨ ᠤᠳᠤ ᠦᠶ᠎ᠡ ᠶᠢᠨ ᠦᠢᠯᠡᠴᠢᠯᠡᠭᠡᠨ ᠤ | ᠦᠢᠯᠡᠰ ᠢ ᠬᠥᠭᠵᠢᠭᠦᠯᠬᠦ ᠠᠷᠭ᠎ᠠ ᠪᠣᠯᠣᠨ ᠲᠤᠷᠰᠢᠯᠭ᠎ᠠ ᠶᠢᠨ ᠲᠣᠬᠠᠢ ᠪᠠᠶᠢᠴᠠᠭᠠᠯᠲᠠ | ᠳᠠᠭᠠᠭᠠᠴᠢᠯᠠᠯᠲᠠ ᠣᠯᠤᠭᠴᠢ᠄ ᠮᠸᠢ ᠯᠸᠢ | ᠲᠦᠰᠢᠭ ᠨᠢᠭᠡᠴᠡ᠄ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ | ᠲᠤᠰ ᠵᠠᠷ ᠤᠨ ᠬᠤᠭᠤᠴᠠᠭᠠᠯᠠᠯ ᠨᠢ 5 ᠡᠳᠦᠷ ᠪᠣᠯᠣᠨ᠎ᠠ ︵2016 ᠣᠨ ᠤ 7 ᠳ᠋ᠤᠭᠠᠷ ᠰᠠᠷ᠎ᠠ ᠶᠢᠨ 8 ᠤ | ᠡᠳᠦᠷ ᠠᠴᠠ 12 ᠤ ᠡᠳᠦᠷ ᠪᠣᠯᠲᠠᠯ᠎ᠠ︶᠃ ᠰᠠᠨᠠᠯ ᠲᠠᠢ ᠪᠣᠯ᠂ 2016 ᠣᠨ ᠤ 7 ᠳ᠋ᠤᠭᠠᠷ ᠰᠠᠷ᠎ᠠ ᠶᠢᠨ 12 ᠤ | ᠡᠳᠦᠷ ᠠᠴᠠ ᠡᠮᠦᠨ᠎ᠡ ᠪᠢᠴᠢᠭ ᠢᠶᠠᠷ ︵ᠦᠨᠡᠨ ᠪᠤᠳᠠᠲᠠᠢ ᠣᠪᠣᠭ ᠨᠡᠷ᠎ᠡ᠂ ᠬᠠᠷᠢᠯᠴᠠᠬᠤ ᠬᠠᠶ᠋ᠢᠭ ᠪᠠ ᠤᠲᠠᠰᠤ ᠪᠠᠨ | ᠪᠢᠴᠢᠨ᠎ᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠤᠳᠤᠯᠬᠤ ᠭᠡᠷ ᠲᠤ ᠲᠤᠰᠬᠠᠭᠠᠷᠠᠢ᠃ | ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ | ᠶᠡᠭᠡ ᠵᠡᠭᠡᠯᠢ ᠶᠢᠨ 1 ᠳ᠋ᠦ᠋ᠭᠡᠷ ᠨᠣᠮᠧᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ | ᠭᠡᠷ1246 ᠥᠷᠥᠭᠡ᠃ | ᠰᠢᠦᠳᠠᠨ ᠨᠣᠮᠧᠷ᠄ 010098 | ᠬᠠᠷᠢᠯᠴᠠᠬᠤ ᠤᠲᠠᠰᠤ᠄ 0471-4824535 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠤᠳᠤᠯᠬᠤ ᠭᠡᠷ | 2016 ᠣᠨ ᠤ 7 ᠳ᠋ᠤᠭᠠᠷ ᠰᠠᠷ᠎ᠠ ᠶᠢᠨ 8 ᠤ ᠡᠳᠦᠷ |