2016 · ᠳᠤᠮᠳᠠᠳᠤ ᠤᠯᠤᠰ ᠤᠨ ᠡᠷᠢᠶᠡᠨ ᠬᠤᠳᠠ ᠶᠢᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠠᠷᠠᠯᠵᠢᠶᠠᠨ ᠤ ᠬᠠᠮᠲᠤᠷᠠᠯᠴᠠᠭ᠎ᠠ ᠶᠢᠨ ᠵᠦᠪᠳᠡᠯᠴᠡᠭᠡ ᠶᠢᠨ ᠴᠤᠭᠯᠠᠭᠠᠨ 9 ᠳ᠋ᠤᠭᠡᠷ ᠰᠠᠷ᠎ᠠ ᠶᠢᠨ 3᠎ ᠤ ᠡᠳᠦᠷ —7᠎ ᠤ ᠡᠳᠦᠷ ᠬᠦᠷᠲᠡᠯ᠎ᠡ ᠶᠠᠪᠤᠭᠳᠠᠬᠤ ᠪᠣᠯᠣᠨ᠎ᠠ
ᠨᠡᠶᠢᠲᠡᠯᠡᠭᠰᠡᠨ ᠴᠠᠭ᠄
2016/8/11
     2016 · ᠳᠤᠮᠳᠠᠳᠤ ᠤᠯᠤᠰ ᠤᠨ ᠡᠷᠢᠶᠡᠨ ᠬᠤᠳᠠ ᠶᠢᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢᠨ ᠵᠦᠪᠳᠡᠯᠴᠡᠭᠡ ᠶᠢᠨ ᠴᠤᠭᠯᠠᠭᠠᠨ 9 ᠳ᠋ᠤᠭᠡᠷ ᠰᠠᠷ᠎ᠠ ᠶᠢᠨ 3᠎ ᠤ ᠡᠳᠦᠷ —7᠎ ᠤ ᠡᠳᠦᠷ ᠬᠦᠷᠲᠡᠯ᠎ᠡ ᠡᠷᠢᠶᠡᠨ ᠬᠤᠲᠠ᠂ ᠰᠢᠯᠢᠩᠬᠤᠲᠠ ᠳᠤ ᠶᠠᠪᠤᠭᠳᠠᠬᠤ ᠪᠣᠯᠣᠨ᠎ᠠ᠃ ᠲᠤᠰ ᠤᠳᠠᠭᠠᠨ ᠤ ᠵᠦᠪᠳᠡᠯᠴᠡᠭᠡ ᠶᠢᠨ ᠴᠤᠭᠯᠠᠭᠠᠨ ᠨᠢ ︽ᠠᠵᠤ ᠠᠬᠤᠶ ᠶᠢᠨ ᠬᠤᠩᠭᠢᠯ ᠢ ᠬᠠᠮᠲᠤᠪᠠᠷ ᠪᠠᠶᠢᠭᠤᠯᠵᠤ᠂ ᠤᠶᠠᠯᠳᠤᠯ ᠬᠥᠭᠵᠢᠯᠲᠡ ᠶᠢ ᠠᠬᠢᠭᠤᠯᠬᠤ︾᠎ ᠪᠠᠷ ᠭᠤᠣᠯ ᠰᠡᠳᠦᠪ ᠪᠣᠯᠭᠠᠵᠤ᠂ ᠲᠠᠸᠠᠷ ᠢ ᠳᠡᠯᠭᠡᠨ ᠦᠵᠡᠭᠦᠯᠵᠦ ᠵᠦᠪᠳᠡᠯᠴᠡᠬᠦ᠂ ᠠᠵᠤ ᠠᠬᠤᠶ ᠠᠷᠠᠯᠵᠢᠶᠠᠨ ᠤ ᠶᠠᠷᠢᠶᠠᠨ ᠤ ᠲᠠᠪᠴᠠᠩ᠂ ᠲᠥᠷᠥᠯ ᠵᠦᠢᠯ ᠲᠠᠨᠢᠯᠴᠠᠭᠤᠯᠬᠤ ᠵᠡᠷᠭᠡ ᠣᠯᠠᠨ ᠬᠡᠯᠪᠡᠷᠢ ᠪᠠᠷ ᠳᠠᠮᠵᠢᠭᠤᠯᠤᠨ᠂ ᠳᠤᠮᠳᠠᠳᠤ ᠮᠣᠩᠭᠤᠯ ᠣᠷᠣᠰ ᠤᠨ ᠣᠷᠣᠨ ᠨᠤᠲᠤᠭ ᠤᠨ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠤᠨ ᠠᠷᠠᠯᠵᠢᠶ᠎ᠠ ᠬᠤᠳᠠᠯᠳᠤᠭᠠᠨ ᠤ ᠶᠠᠪᠤᠯᠴᠠᠭ᠎ᠠ᠂ ᠬᠥᠮᠦᠨ ᠨᠡᠶᠢᠭᠡᠮ ᠤᠨ ᠰᠣᠯᠢᠯᠴᠠᠭ᠎ᠠ᠂ ᠰᠣᠶᠣᠯ ᠵᠢᠭᠤᠯᠴᠢᠯᠠᠯ᠂ ᠬᠠᠷᠢᠯᠴᠠᠨ ᠬᠤᠯᠪᠣᠭᠠᠯᠠᠨ ᠬᠠᠷᠢᠯᠴᠠᠨ ᠨᠡᠪᠲᠡᠷᠡᠯᠴᠡᠬᠦ᠂ ᠬᠢᠯᠢ ᠠᠯᠤᠰᠯᠠᠭᠰᠠᠨ ᠠᠵᠤ ᠠᠬᠤᠶ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭᠠᠨ ᠳᠤ ᠲᠠᠪᠴᠠᠩ ᠪᠠᠶᠢᠭᠤᠯᠵᠤ ᠥᠭᠬᠦ ᠪᠣᠯᠤᠨ᠎ᠠ᠃      ᠲᠤᠰ ᠤᠳᠠᠭᠠᠨ ᠤ ︽ᠡᠷᠢᠶᠡᠨ ᠬᠤᠳᠠ ᠶᠢᠨ ᠵᠦᠪᠳᠡᠯᠴᠡᠭᠡ ᠶᠢᠨ ᠴᠤᠭᠯᠠᠭᠠᠨ︾᠎ ᠳᠤ 4000 ᠭᠠᠷᠤᠢ ᠬᠥᠮᠦᠨ ᠣᠷᠣᠯᠴᠠᠵᠤ᠂ ᠲᠠᠸᠠᠷ ᠤᠨ ᠳᠡᠯᠭᠡᠨ ᠦᠵᠡᠭᠦᠯᠦᠯᠲᠡ ᠳᠤ 1700 ᠭᠠᠷᠤᠶ ᠳᠡᠯᠭᠡᠨ ᠦᠵᠡᠭᠦᠯᠬᠦ ᠪᠠᠶᠢᠷᠢ ᠲᠣᠬᠢᠷᠠᠭᠤᠯᠪᠠ᠃ ᠲᠤᠬᠠᠢ ᠶᠢᠨ ᠦᠶ᠎ᠡ ᠳᠤ ᠣᠯᠠᠨ ᠤᠯᠤᠰ ᠤᠨ ᠰᠣᠶᠣᠯ ᠤᠷᠠᠯᠢᠭ ᠤᠨ ᠰᠣᠯᠢᠯᠴᠠᠭᠠᠨ ᠤ ᠠᠵᠢᠯᠯᠠᠭ᠎ᠠ ᠶᠢᠨ ᠦᠳᠡᠰᠢᠯᠡᠭᠡ᠂ ᠳᠤᠮᠳᠠᠳᠤ ᠮᠣᠩᠭᠤᠯ ᠣᠷᠣᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠳᠡᠭᠡᠳᠦ ᠳᠡᠰ ᠤᠨ ᠶᠠᠷᠢᠶᠠᠨ ᠤ ᠲᠠᠪᠴᠠᠩ᠂ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠳᠤᠮᠳᠠᠳᠤ ᠮᠣᠩᠭᠤᠯ ᠣᠷᠣᠰ ᠤᠨ ᠳᠤᠭᠤᠶ ᠰᠢᠷᠡᠭᠡᠨ ᠤ ᠬᠤᠷᠠᠯ᠂ ᠳᠤᠮᠳᠠᠳᠤ ᠮᠣᠩᠭᠤᠯ ᠣᠷᠣᠰ ᠤᠨ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡ ᠪᠣᠯᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ᠂ ᠳᠤᠮᠳᠠᠳᠤ ᠮᠣᠩᠭᠤᠯ ᠣᠷᠣᠰ ᠤᠨ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠶᠠᠷᠢᠶᠠᠨ ᠤ ᠲᠠᠪᠴᠠᠩ᠂ ᠳᠤᠮᠳᠠᠳᠤ ᠮᠣᠩᠭᠤᠯ ᠤᠷᠤᠰ ᠤᠨ ᠭᠤᠣᠯᠳᠠᠯᠭ᠎ᠠ ᠲᠠᠢ ᠲᠦᠷᠦᠯ ᠵᠦᠢᠯ ᠎ ᠢ ᠲᠠᠨᠢᠯᠴᠠᠭᠤᠯᠬᠤ ᠬᠤᠷᠠᠯ᠂ ᠳᠤᠮᠳᠠᠳᠤ ᠮᠣᠩᠭᠤᠯ ᠣᠷᠣᠰ ᠤᠨ ᠲᠠᠸᠠᠷ ᠢ ᠳᠡᠯᠭᠡᠨ ᠦᠵᠡᠭᠦᠯᠵᠦ ᠵᠦᠪᠳᠡᠯᠴᠡᠬᠦ ᠴᠣᠭᠯᠠᠭᠠᠨ᠂ 2016 · ᠰᠢᠯᠢ ᠶᠢᠨ ᠭᠤᠣᠯ ᠠᠶᠢᠮᠠᠭ ᠤᠨ ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠣᠷᠣᠨ ᠪᠦᠰᠡ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ᠂ ᠳᠤᠮᠳᠠᠳᠤ ᠮᠣᠩᠭᠤᠯ ᠤᠨ ᠣᠯᠠᠨ ᠤᠯᠤᠰ ᠤᠨ ᠮᠤᠷᠢᠨ ᠤᠷᠤᠯᠳᠤᠭᠠᠨ ᠤ ᠤᠷᠢᠯᠭ᠎ᠠ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠡᠷᠬᠢᠯᠡᠵᠦ᠂ ᠴᠡᠪᠡᠷ ᠡᠨᠧᠷᠭᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠨᠣᠭᠯᠠᠯ ᠤᠨ ᠦᠵᠡᠰᠭᠦᠯᠡᠩ᠂ ᠠᠭᠤᠷᠬᠠᠶ ᠶᠢᠨ ᠮᠧᠬᠠᠨᠢᠭ ᠲᠥᠬᠦᠭᠡᠷᠦᠮᠵᠢ ᠶᠢᠨ ᠦᠵᠡᠰᠭᠦᠯᠡᠩ᠂ ᠤᠳᠤ ᠦᠶ᠎ᠡ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠵᠡᠰᠭᠦᠯᠡᠩ᠂ ᠣᠯᠠᠨ ᠤᠯᠤᠰ ᠤᠨ ᠰᠣᠶᠣᠯ ᠵᠢᠭᠤᠯᠴᠢᠯᠠᠯ ᠤᠨ ᠲᠠᠸᠠᠷ ᠤᠨ ᠦᠵᠡᠰᠭᠦᠯᠡᠩ᠂ ᠬᠢᠲᠠᠳ ᠮᠣᠩᠭᠤᠯ ᠡᠮ ᠡᠮᠨᠡᠯᠭᠡ ᠶᠢᠨ ᠦᠵᠡᠰᠭᠦᠯᠡᠩ᠂ ᠬᠤᠰᠢᠭᠤ ᠰᠢᠶᠠᠨ ᠬᠤᠲᠠ ︵ᠲᠣᠭᠤᠷᠢᠭ︶᠎ ᠶᠢᠨ ᠳᠦᠷᠢ ᠳᠥᠷᠬᠦ ᠶᠢᠨ ᠦᠵᠡᠰᠭᠦᠯᠡᠩ ᠵᠡᠷᠭᠡ ᠬᠡᠳᠦᠨ ᠶᠡᠭᠡ ᠭᠤᠣᠯ ᠰᠡᠳᠦᠪᠲᠦ ᠳᠡᠯᠭᠡᠨ ᠦᠵᠡᠭᠦᠯᠦᠯᠭᠡ ᠦᠵᠡᠰᠭᠦᠯᠡᠩ ᠳᠡᠭᠡᠷ᠎ᠡ ᠭᠤᠴᠤ ᠭᠠᠶᠢᠬᠠᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号