ᠰᠢᠯᠢ ᠶᠢᠨ ᠭᠤᠣᠯ ᠠᠶᠢᠮᠠᠭ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2016/8/11
     ᠡᠨᠡ ᠵᠢᠯ ᠠᠴᠠ ᠨᠠᠰᠢ᠂ ᠰᠢᠯᠢ ᠶᠢᠨ ᠭᠤᠣᠯ ᠠᠶᠢᠮᠠᠭ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠭᠦᠨᠵᠡᠭᠡᠢ ᠨᠠᠶᠢᠳᠠᠪᠤᠷᠢᠵᠢᠭᠤᠯᠬᠤ ᠪᠠᠷ ᠲᠣᠬᠢᠶᠠᠯ ᠪᠣᠯᠭᠠᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠲᠥᠯᠬᠢᠨ ᠠᠬᠢᠭᠤᠯᠵᠤ ᠪᠠᠶᠢᠨ᠎ᠠ᠃ ᠨᠢᠭᠡ ᠳᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠤᠯᠭᠤᠮᠵᠢ ᠶᠢᠨ ᠬᠢᠷᠢ ᠬᠡᠮᠵᠢᠶ᠎ᠡ ᠶᠢ ᠲᠣᠬᠢᠷᠠᠭᠤᠯᠵᠤ᠂ ᠦᠨᠳᠦᠰᠦᠨ ᠨᠠᠰᠤᠵᠢᠯ ᠤᠨ ᠮᠥᠩᠭᠦ ᠶᠢ ᠰᠠᠷ᠎ᠠ ᠪᠦᠷᠢ 85 ᠲᠥᠭᠦᠷᠢᠭ ᠪᠤᠯᠭᠠᠨ ᠲᠣᠬᠢᠷᠠᠭᠤᠯᠵᠤ᠂ ᠡᠯ᠎ᠡ ᠬᠤᠰᠢᠭᠤ ᠰᠢᠶᠠᠨ ︵ᠬᠤᠳᠠ︶ ︽ᠭᠠᠳᠠᠭᠠᠳᠤ ᠳᠤ ᠭᠠᠷᠭᠠᠬᠤ︾ ᠨᠦᠬᠦᠪᠦᠷᠢ ᠶᠢ ᠠᠳᠠᠯᠢ ᠪᠤᠰᠤ ᠬᠡᠮᠵᠢᠶ᠎ᠡ ᠪᠠᠷ ᠨᠡᠮᠡᠭᠳᠡᠭᠦᠯᠪᠡ᠂ ᠤᠳᠤᠬᠠᠨ ᠳᠤ᠂ ᠰᠢᠯᠢ ᠶᠢᠨ ᠭᠤᠣᠯ ᠠᠶᠢᠮᠠᠭ ᠤᠨ ᠰᠠᠷ᠎ᠠ ᠶᠢᠨ ᠬᠠᠮᠤᠭ ᠤᠨ ᠳᠣᠣᠷ᠎ᠠ ᠨᠠᠰᠤᠵᠢᠯ ᠤᠨ ᠠᠰᠠᠷᠠᠮᠵᠢ ᠶᠢᠨ ᠮᠥᠩᠭᠦ ᠨᠢ 105 ᠲᠥᠭᠦᠷᠢᠭ ᠪᠠᠶᠢᠵᠤ᠂ ᠬᠠᠮᠤᠭ ᠤᠨ ᠥᠨᠳᠥᠷ ᠲᠡᠭᠡᠨ 276 ᠲᠥᠭᠦᠷᠢᠭ ᠪᠣᠯᠤᠨ᠎ᠠ᠃81239 ᠬᠥᠮᠦᠨ ᠳᠤ ᠨᠡᠶᠢᠲᠡ 7216.1 ᠲᠦᠮᠡᠨ ᠲᠦᠬᠦᠷᠢᠭ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠤᠯᠭᠤᠪᠠ᠃ ᠬᠤᠶᠠᠷ ᠲᠤ ᠣᠨᠳᠣᠣ ᠭᠠᠵᠠᠷ ᠲᠥᠪᠬᠢᠨᠡᠭᠦᠯᠦᠭᠳᠡᠭᠰᠡᠨ ᠠᠵᠢᠯ ᠠᠴᠠ ᠪᠠᠨ ᠪᠠᠭᠤᠭᠰᠠᠨ ᠬᠦᠮᠦᠰ ᠲᠤ ᠨᠠᠰᠤᠵᠢᠯ ᠤᠨ ᠳᠠᠭᠠᠳᠬᠠᠯ ᠤᠨ ᠤᠯᠭᠤᠮᠵᠢ ᠶᠢ ᠭᠡᠷ ᠲᠤᠨᠢ ᠬᠦᠷᠭᠡᠬᠦ ᠦᠢᠯᠡᠴᠢᠯᠡᠭᠡ ᠬᠢᠵᠦ᠂ ᠠᠶᠢᠮᠠᠭ ᠠᠴᠠ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠲᠠᠲᠠᠵᠤ᠂ ᠲᠤᠰᠬᠠᠶ ᠳᠤᠭᠤᠶᠢᠯᠠᠩ ᠪᠠᠶᠢᠭᠤᠯᠵᠤ᠂ ᠪᠦᠬᠦ ᠤᠯᠤᠰ ᠤᠨ 29 ᠮᠤᠵᠢ ᠣᠷᠣᠨ ᠳᠤ ᠲᠤᠰ ᠲᠤᠰ ᠤᠴᠢᠭᠤᠯᠤᠨ᠂ ᠣᠨᠳᠣᠣ ᠭᠠᠵᠠᠷ ᠲᠥᠪᠬᠢᠨᠡᠭᠦᠯᠦᠭᠳᠡᠭᠰᠡᠨ ᠠᠵᠢᠯ ᠠᠴᠠ ᠪᠠᠨ ᠪᠠᠭᠤᠭᠰᠠᠨ ᠬᠦᠮᠦᠰ ᠢ ᠡᠷᠦᠬᠡ ᠳᠠᠷᠠᠭᠠᠯᠠᠨ ᠬᠦᠷᠴᠦ ᠭᠡᠷᠡᠴᠢᠯᠡᠯ ᠬᠢᠪᠡ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠰᠢᠯᠢ ᠶᠢᠨ ᠭᠤᠣᠯ ᠠᠶᠢᠮᠠᠭ ᠤᠨ ᠣᠨᠳᠣᠣ ᠭᠠᠵᠠᠷ ᠲᠥᠪᠬᠢᠨᠡᠭᠦᠯᠦᠭᠳᠡᠭᠰᠡᠨ ᠠᠵᠢᠯ ᠠᠴᠠ ᠪᠠᠨ ᠪᠠᠭᠤᠭᠰᠠᠨ ᠬᠦᠮᠦᠨ ᠤ ᠶᠡᠷᠦᠩᠬᠡᠶ ᠲᠤᠭ᠎ᠠ ᠨᠢ 3800 ᠭᠠᠷᠤᠢ ᠳᠤ ᠬᠦᠷᠴᠦ᠂ ᠪᠦᠬᠦ ᠤᠯᠤᠰ ᠤᠨ 29 ᠮᠤᠵᠢ ᠬᠤᠲᠠ ᠳᠤ ᠲᠠᠷᠬᠠᠵᠤ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号