2016 ᠣᠨ ᠳᠤ ᠲᠥᠪ ᠤᠨ ᠪᠠᠶᠢᠭᠤᠯᠭ᠎ᠠ ᠠᠯᠪᠠᠲᠠᠨ ᠢ ᠢᠯᠡ ᠪᠠᠷ ᠰᠣᠩᠭᠤᠨ ᠰᠢᠯᠵᠢᠭᠦᠯᠬᠦ ᠪᠠᠷ ᠪᠠᠶᠢᠨ᠎ᠠ  ᠬᠦᠬᠡᠬᠤᠲᠠ ᠳᠤ ᠰᠢᠯᠭᠠᠯᠲᠠ ᠶᠢᠨ ᠭᠠᠵᠠᠷ ᠲᠣᠬᠢᠷᠠᠭᠤᠯᠪᠠ
ᠨᠡᠶᠢᠲᠡᠯᠡᠭᠰᠡᠨ ᠴᠠᠭ᠄
2016/8/11
     ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠤᠯᠤᠰ ᠤᠨ ᠠᠯᠪᠠᠲᠠᠨ ᠤ ᠲᠣᠪᠴᠢᠶ᠎ᠠ ᠣᠷᠴᠢᠮᠬᠠᠨ ᠳᠤ 2016 ᠣᠨ ᠤ ᠲᠥᠪ ᠤᠨ ᠪᠠᠶᠢᠭᠤᠯᠭ᠎ᠠ ᠶᠢᠨ ᠠᠯᠪᠠᠲᠠᠨ ᠢ ᠢᠯᠡ ᠪᠠᠷ ᠰᠢᠯᠢᠨ ᠰᠣᠩᠭᠤᠬᠤ ᠪᠠ ᠢᠯᠡ ᠪᠠᠷ ᠰᠣᠩᠭᠤᠨ ᠰᠢᠯᠵᠢᠭᠦᠯᠬᠦ ᠠᠵᠢᠯ ᠦᠷᠨᠢᠭᠦᠯᠬᠦ ᠪᠠᠷ ᠲᠣᠭᠲᠠᠪᠠ᠂ 8 ᠳ᠋ᠤᠭᠠᠷ ᠰᠠᠷ᠎ᠠ ᠶᠢᠨ 11᠎ ᠤ ᠡᠳᠦᠷ ᠤᠨ 8᠄ 00᠎ ᠠᠴᠠ 8 ᠳ᠋ᠤᠭᠠᠷ ᠰᠠᠷ᠎ᠠ ᠶᠢᠨ 22᠎ ᠤᠨ ᠡᠳᠦᠷ ᠤᠨ 18᠄ 00 ᠴᠠᠭ ᠪᠣᠯᠲᠠᠯ᠎ᠠ ᠨᠡᠷ᠎ᠡ ᠮᠡᠳᠡᠭᠦᠯᠦᠨ᠎ᠡ᠃ ᠰᠤᠷᠪᠤᠯᠵᠢᠯᠠᠭᠴᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ ᠲᠤᠰ ᠤᠳᠠᠭᠠᠨ ᠤ 2016 ᠣᠨ ᠤ ᠲᠥᠪ ᠤᠨ ᠪᠠᠶᠢᠭᠤᠯᠭ᠎ᠠ ᠶᠢᠨ ᠠᠯᠪᠠᠲᠠᠨ ᠢᠯᠡ ᠪᠠᠷ ᠰᠢᠯᠢᠨ ᠰᠣᠩᠭᠤᠬᠤ ᠪᠠ ᠢᠯᠡ ᠪᠠᠷ ᠰᠣᠩᠭᠤᠨ ᠰᠢᠯᠵᠢᠭᠦᠯᠬᠦ ᠪᠢᠷ ᠤᠨ ᠰᠢᠯᠭᠠᠯᠲᠠ ᠶᠢᠨ ᠴᠠᠭ ᠨᠢ 9 ᠳ᠋ᠦ᠋ᠭᠡᠷ ᠰᠠᠷ᠎ᠠ ᠶᠢᠨ 11᠎ ᠤ ᠡᠳᠦᠷ ︵ᠭᠠᠷᠠᠭ ᠤᠨ ᠡᠳᠦᠷ︶᠎ ᠤᠨ 9᠄ 00 -12᠄ 00 ᠪᠣᠯᠣᠨ᠎ᠠ᠃ ᠰᠢᠯᠭᠠᠯᠲᠠ ᠶᠢᠨ ᠭᠠᠵᠠᠷ ᠢ ᠬᠥᠬᠡᠬᠤᠲᠠ ᠶᠢ ᠪᠠᠭᠲᠠᠭᠠᠭᠰᠠᠨ 17 ᠬᠤᠳᠠ ︵ᠰᠢᠯᠭᠠᠭᠤᠯᠤᠭᠴᠢ ᠥᠪᠡᠷᠲᠡᠭᠡᠨ ᠰᠤᠩᠭᠤᠵᠤ ᠪᠣᠯᠣᠨ᠎ᠠ︶᠎ ᠳᠤ ᠲᠣᠬᠢᠷᠠᠭᠤᠯᠪᠠ᠂ ᠰᠢᠯᠭᠠᠯᠲᠠ ᠶᠢᠨ ᠭᠠᠵᠠᠷ ᠢ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠳᠤ ᠨᠠᠷᠢᠪᠴᠢᠯᠠᠨ ᠦᠵᠡᠭᠡᠷᠡᠶ᠃ ᠨᠡᠷ᠎ᠡ ᠮᠡᠳᠡᠭᠦᠯᠦᠭᠴᠢᠳ ᠡᠷᠬᠡᠪᠰᠢ ᠪᠡᠶ᠎ᠡ ᠶᠢᠨ ᠦᠨᠡᠮᠯᠡᠯ ᠪᠣᠯᠣᠨ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢᠶᠠᠨ ᠠᠪᠴᠤ ᠪᠢᠷ ᠤᠨ ᠰᠢᠯᠭᠠᠯᠲᠠ ᠳᠤ ᠣᠷᠣᠯᠴᠠᠬᠤ ᠬᠡᠷᠡᠭᠲᠡᠢ᠃      ᠣᠶᠢᠯᠠᠭᠠᠭᠰᠠᠨ ᠢᠶᠠᠷ᠂ ᠡᠨᠡ ᠤᠳᠠᠭᠠᠨ ᠤ ᠲᠥᠪ ᠤᠨ ᠪᠠᠶᠢᠭᠤᠯᠭ᠎ᠠ ᠶᠢᠨ ᠠᠯᠪᠠᠲᠠᠨ ᠢᠯᠡ ᠪᠠᠷ ᠰᠢᠯᠢᠨ ᠰᠣᠩᠭᠤᠬᠤ ᠪᠠ ᠢᠯᠡ ᠪᠠᠷ ᠰᠣᠩᠭᠤᠨ ᠰᠢᠯᠵᠢᠭᠦᠯᠬᠦ ᠭᠡᠵᠦ ᠪᠠᠶᠢᠭ᠎ᠠ ᠲᠤᠰᠢᠶᠠᠯ ᠤᠨ ᠪᠠᠶᠢᠷᠢ ᠳᠤ ᠭᠠᠵᠠᠷ ᠤᠨ ᠳᠠᠷᠤᠭ᠎ᠠ᠂ ᠳᠡᠳ᠋ ᠭᠠᠵᠠᠷ ᠤᠨ ᠳᠠᠷᠤᠭ᠎ᠠ᠂ ᠪᠠᠶᠢᠴᠠᠭᠠᠨ ᠰᠤᠳᠤᠯᠤᠭᠴᠢ᠂ ᠳᠡᠳ᠋ ᠪᠠᠶᠢᠴᠠᠭᠠᠨ ᠰᠤᠳᠤᠯᠤᠭᠴᠢ᠂ ᠡᠷᠬᠢᠯᠡᠬᠦ ᠭᠡᠰᠢᠭᠦᠴᠢ᠂ ᠳᠡᠳ᠋ ᠡᠷᠭᠢᠯᠡᠬᠦ ᠭᠡᠰᠢᠭᠦᠴᠢ ᠪᠣᠯᠤᠨ ᠭᠡᠰᠢᠭᠦᠴᠢ ᠪᠠᠭᠲᠠᠨ᠎ᠠ᠃ ᠢᠯᠡ ᠪᠠᠷ ᠰᠢᠯᠢᠨ ᠰᠣᠩᠭᠤᠬᠤ ᠲᠤᠰᠢᠶᠠᠯ ᠤᠨ ᠪᠠᠶᠢᠷᠢ ᠶᠢ ᠬᠤᠶᠠᠷ ᠲᠥᠷᠥᠯ ᠳᠤ ᠬᠤᠪᠢᠶᠠᠵᠠᠢ᠂ ᠨᠢᠭᠡ ᠳᠤ ᠨᠥᠬᠦᠴᠡᠯ ᠳᠤ ᠨᠡᠶᠢᠴᠡᠬᠦ ᠪᠣᠢ ᠪᠦᠬᠦᠢ ᠠᠯᠪᠠᠲᠠᠨ ᠵᠢᠴᠢ ᠲᠤᠰᠬᠠᠶᠢᠯᠠᠨ ᠨᠥᠬᠦᠴᠡᠯ ᠳᠤ ᠨᠡᠶᠢᠴᠡᠭᠰᠡᠨ ᠰᠣᠩᠭᠤᠨ ᠠᠪᠤᠭᠰᠠᠨ ᠰᠤᠷᠤᠬᠴᠢ ᠳᠤ ᠵᠣᠷᠢᠭᠤᠯᠪᠠ᠃ ᠨᠡᠷ᠎ᠡ ᠮᠡᠳᠡᠭᠦᠯᠬᠦ ᠬᠡᠪᠴᠢᠶ᠎ᠡ ᠨᠢ ᠮᠤᠵᠢ ᠶᠢᠨ ᠱᠠᠲᠤᠨ ᠠᠴᠠ ᠳᠣᠭᠤᠭᠰᠢᠬᠢ ᠪᠠᠶᠢᠭᠤᠯᠭ᠎ᠠ ᠠᠴᠠ ᠨᠢᠭᠡᠨᠲᠡ ᠠᠯᠪᠠᠲᠠᠨ ᠢᠶᠠᠷ ᠲᠡᠮᠳᠡᠭᠯᠡᠭᠦᠯᠦᠨ ᠳᠠᠩᠰᠠᠯᠠᠭᠤᠯᠤᠭᠰᠠᠨ  ᠪᠦᠭᠡᠳ ᠣᠷᠣᠨ ᠲᠤᠭ᠎ᠠ ᠲᠠᠢ ᠠᠵᠢᠯ ᠤᠨ ᠪᠠᠶᠢᠷᠢᠨ ᠳᠤ ᠪᠠᠶᠢᠭ᠎ᠠ ᠠᠯᠪᠠᠲᠠᠨ ᠨᠡᠷ᠎ᠡ ᠮᠡᠳᠡᠭᠦᠯᠵᠦ ᠪᠣᠯᠣᠨ᠎ᠠ᠃ ᠮᠤᠵᠢ ᠶᠢᠨ ᠱᠠᠲᠤᠨ ᠠᠴᠠ ᠳᠣᠭᠤᠭᠰᠢᠬᠢ ᠠᠯᠪᠠᠳᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠪᠠᠶᠢᠭᠤᠯᠭ᠎ᠠ ︵ᠨᠢᠭᠡᠴᠢ︶᠎ ᠶᠢᠨ ᠯᠠᠪᠯᠠᠯᠲᠠ ᠪᠣᠯᠭᠠᠨ ᠲᠡᠮᠳᠡᠭᠯᠡᠭᠦᠯᠦᠨ ᠳᠠᠩᠰᠠᠯᠠᠭᠤᠯᠤᠭᠰᠠᠨ ᠪᠥᠭᠡᠳ ᠣᠷᠣᠨ ᠲᠤᠭ᠎ᠠ ᠲᠠᠢ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠨᠡᠷ᠎ᠡ ᠮᠡᠳᠡᠭᠦᠯᠵᠦ ᠪᠣᠯᠣᠨ᠎ᠠ᠃ ᠲᠥᠪ ᠤᠨ ᠪᠠᠶᠢᠭᠤᠯᠭ᠎ᠠ ᠶᠢᠨ ᠣᠷᠣᠨ ᠨᠤᠲᠤᠭ ᠲᠤ ᠪᠠᠶᠢᠭᠤᠯᠤᠭᠰᠠᠨ ᠨᠢᠭᠡᠴᠡ ︵ᠰᠢᠭᠤᠳ ᠬᠠᠮᠢᠶᠠᠷᠤᠯᠲᠠ ᠶᠢᠨ ᠨᠢᠭᠡᠴᠡ᠂ ᠲᠣᠮᠢᠯᠠᠭᠰᠠᠨ ᠨᠢᠭᠡᠴᠡ ᠵᠡᠷᠭᠡ ᠪᠠᠭᠲᠠᠨ᠎ᠠ︶᠎ ᠶᠢᠨ ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠭᠰᠡᠳ ᠨᠡᠷ᠎ᠡ ᠮᠡᠳᠡᠭᠦᠯᠵᠦ ᠪᠣᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号