ᠳᠤᠮᠳᠠᠳᠤ ᠤᠯᠤᠰ ᠮᠣᠩᠭᠤᠯ ᠤᠯᠤᠰ ᠲᠠᠢ ︽ᠨᠢᠭᠡ ᠪᠦᠰᠡ ᠨᠢᠭᠡ ᠵᠠᠮ︾ ᠪᠤᠯᠤᠨ ︽ᠲᠠᠯ᠎ᠠ ᠨᠤᠲᠤᠭ ᠤᠨ ᠵᠠᠮ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠤᠯᠭᠠᠯᠳᠤᠯᠭ᠎ᠠ ᠶᠢ ᠲᠦᠯᠬᠢᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2016/8/15
     2016 ᠣᠨ ᠤ ᠬᠤᠶᠠᠳᠤᠭᠠᠷ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ ᠤᠨ ᠭᠤᠷᠪᠠᠨ ᠠᠶᠢᠮᠠᠭ ᠬᠤᠳᠠ ᠬᠢᠭᠡᠳ ᠮᠣᠩᠭᠤᠯ ᠤᠯᠤᠰ ᠤᠨ ᠭᠤᠷᠪᠠᠨ ᠮᠤᠵᠢ ᠶᠢᠨ ᠣᠷᠣᠨ ᠪᠦᠰᠡ ᠯᠤᠭ᠎ᠠ ᠶᠢᠨ ᠬᠠᠮᠲᠤᠷᠠᠯᠴᠠᠭᠠᠨ ᠤ ᠬᠤᠷᠠᠯᠳᠤᠭᠠᠨ︾ 12᠎ ᠤ ᠡᠳᠦᠷ ᠤᠨ ᠦᠳᠡ ᠶᠢᠨ ᠡᠮᠦᠨ᠎ᠡ ᠥᠪᠥᠷ ᠮᠣᠩᠭᠤᠯ ᠤᠨ ᠲᠦᠩᠯᠢᠶᠣᠤ ᠬᠤᠲᠠ ᠳᠤ ᠬᠤᠷᠠᠯᠳᠤᠪᠠ᠃       ᠡᠨᠡ ᠤᠳᠠᠭᠠᠨ ᠤ ᠬᠤᠷᠠᠯᠳᠤᠭᠠᠨ ᠪᠣᠯ ᠳᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾ ᠪᠣᠯᠤᠨ ᠮᠣᠩᠭᠤᠯ ᠤᠯᠤᠰ ᠤᠨ ︽ᠲᠠᠯ᠎ᠠ ᠨᠤᠲᠤᠭ ᠤᠨ ᠵᠠᠮ︾᠎ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠤᠯᠭᠠᠯᠳᠤᠯᠭ᠎ᠠ ᠶᠢ ᠠᠬᠢᠭᠤᠯᠬᠤ ᠴᠢᠬᠤᠯᠠ ᠪᠦᠷᠢᠯᠳᠦᠬᠦᠨ ᠬᠡᠰᠡᠭ ᠮᠥᠨ᠂ ᠥᠪᠥᠷ ᠮᠣᠩᠭᠤᠯ ᠤᠨ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠪᠣᠯᠤᠨ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ᠂ ᠳᠣᠷᠣᠨᠠᠲᠤ ᠠᠶᠢᠮᠠᠭ᠂ ᠬᠡᠨᠲᠡᠶ ᠠᠶᠢᠮᠠᠭ ᠤᠨ ᠣᠷᠣᠨ ᠪᠦᠰᠡ ᠯᠤᠭ᠎ᠠ ᠶᠢᠨ ᠪᠣᠳᠠᠲᠤ ᠶᠢ ᠡᠷᠬᠢᠮᠯᠡᠬᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠠᠰᠠ ᠨᠢᠭᠡ ᠤᠳᠠᠭᠠᠨ ᠤ ᠠᠮᠢᠳᠤᠯᠢᠭ ᠦᠢᠯᠡᠳᠦᠯᠭᠡ ᠮᠦᠨ᠂ ᠥᠪᠥᠷ ᠮᠣᠩᠭᠤᠯ ᠤᠨ ᠭᠤᠷᠪᠠᠨ ᠠᠶᠢᠮᠠᠭ ᠬᠤᠳᠠ ᠬᠢᠭᠡᠳ ᠮᠣᠩᠭᠤᠯ ᠤᠯᠤᠰ ᠤᠨ ᠭᠤᠷᠪᠠᠨ ᠮᠤᠵᠢ ᠎ ᠯᠤᠭ᠎ᠠ ᠶᠢᠨ ᠬᠠᠮᠲᠤ ᠶᠢᠨ ᠠᠰᠢᠭ ᠲᠤᠰᠠ ᠲᠠᠢ ᠨᠡᠶᠢᠴᠡᠵᠦ᠂ ᠥᠪᠥᠷ ᠮᠣᠩᠭᠤᠯ ᠤᠨ ᠭᠤᠷᠪᠠᠨ  ᠠᠶᠢᠮᠠᠭ ᠬᠤᠳᠠ ᠰᠠᠨᠠᠭᠠᠴᠢᠯᠠᠭ᠎ᠠ ᠠᠴᠠ ᠪᠠᠨ ᠤᠯᠤᠰ ᠤᠨ ︽ᠨᠢᠭᠡ ᠪᠦᠰᠡ ᠨᠢᠭᠡ ᠵᠠᠮ︾ ᠪᠠᠶᠢᠯᠳᠤᠬᠤ ᠪᠤᠳᠤᠯᠭ᠎ᠠ ᠳᠤ ᠠᠭᠤᠰᠤᠯᠴᠠᠨ ᠣᠷᠣᠵᠤ᠂ ᠨᠡᠷ᠎ᠡ ᠠᠯᠳᠠᠷ ᠢᠶᠠᠨ ᠤᠯᠠᠮ ᠨᠢᠭᠡ ᠠᠯᠬᠤᠮ ᠥᠷᠭᠡᠳᠬᠡᠵᠦ᠂ ᠳᠤᠮᠳᠠᠳᠤ ᠮᠣᠩᠭᠤᠯ ᠤᠨ ᠬᠤᠭᠤᠷᠣᠨᠳᠣᠬᠢ ᠪᠦᠬᠦ ᠲᠠᠯ᠎ᠠ ᠶᠢᠨ᠂ ᠣᠯᠠᠨ ᠬᠦᠷᠢᠶᠡᠨ ᠳᠠᠬᠢ ᠬᠠᠮᠲᠤᠷᠠᠯᠴᠠᠭ᠎ᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ᠂ ᠪᠣᠭᠤᠮᠲᠠ ᠶᠢᠨ ᠠᠵᠢᠯ ᠤᠨ ᠠᠯᠪᠠᠨ ᠭᠡᠷ ᠤᠨ ᠡᠷᠬᠢᠯᠡᠭᠴᠢ᠂ ᠤᠮᠠᠷᠠᠰᠢ ᠨᠡᠭᠡᠭᠡᠯᠳᠡ ᠬᠢᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠭᠥᠸᠧ ᠭᠠᠩ ᠲᠠᠨᠢᠯᠴᠠᠭᠤᠯᠤᠭᠰᠠ ᠨᠢ᠂ 2015 ᠣᠨ ᠤ ᠠᠩᠬᠠᠳᠤᠭᠠᠷ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠭᠤᠷᠪᠠᠨ ᠠᠶᠢᠮᠠᠭ ᠬᠤᠳᠠ ᠬᠢᠭᠡᠳ ᠮᠣᠩᠭᠤᠯ ᠤᠯᠤᠰ ᠤᠨ ᠭᠤᠷᠪᠠᠨ ᠮᠤᠵᠢ ᠶᠢᠨ ᠣᠷᠣᠨ ᠪᠦᠰᠡ ᠯᠤᠭ᠎ᠠ ᠶᠢᠨ ᠬᠠᠮᠲᠤᠷᠠᠯᠴᠠᠭᠠᠨ ᠤ ᠬᠤᠷᠠᠯᠳᠤᠭᠠᠨ︾ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠲᠤ ᠬᠤᠷᠠᠯᠳᠤᠭᠰᠠᠨ ᠶᠠᠪᠤᠳᠠᠯ ᠨᠢ ᠥᠪᠥᠷ ᠮᠣᠩᠭᠤᠯ ᠤᠨ ᠭᠤᠷᠪᠠᠨ ᠠᠶᠢᠮᠠᠭ ᠬᠤᠳᠠ ᠬᠢᠭᠡᠳ ᠮᠣᠩᠭᠤᠯ ᠤᠯᠤᠰ ᠤᠨ ᠭᠤᠷᠪᠠᠨ ᠮᠤᠵᠢ ᠯᠤᠭ᠎ᠠ ᠶᠢᠨ ᠣᠷᠣᠨ ᠪᠦᠰᠡ ᠶᠢᠨ ᠬᠠᠮᠲᠤᠷᠠᠨ ᠠᠵᠢᠯᠯᠠᠬᠤ ᠲᠣᠭᠲᠠᠴᠠ ᠶᠢ ᠵᠢᠩᠬᠢᠨᠢ ᠪᠠᠷ ᠪᠠᠶᠢᠭᠤᠯᠤᠭᠰᠠᠨ ᠢ ᠬᠠᠷᠠᠭᠤᠯᠪᠠ᠃ ᠬᠤᠷᠠᠯᠳᠤᠭᠠᠨ ᠤ ᠬᠤᠭᠤᠴᠠᠭᠠᠨ ᠳᠤ᠂ ᠳᠤᠮᠳᠠᠳᠤ ᠮᠣᠩᠭᠤᠯ ᠤᠨ ᠬᠤᠷᠠᠯ ᠳᠤ ᠤᠷᠤᠯᠴᠠᠭᠰᠠᠳ ᠪᠤᠭᠤᠮᠲᠠ ᠶᠢᠨ ᠪᠦᠳᠦᠭᠡᠨ ᠪᠠᠶᠢᠭᠤᠯᠤᠯᠲᠠ᠂ ᠠᠵᠤ ᠠᠬᠤᠶ ᠠᠷᠠᠯᠵᠢᠶᠠᠨ ᠤ ᠶᠠᠪᠤᠯᠴᠠᠭ᠎ᠠ᠂ ᠵᠢᠭᠤᠯᠴᠢᠯᠠᠯ ᠤᠨ ᠬᠠᠮᠲᠤᠷᠠᠯᠴᠠᠭ᠎ᠠ᠂ ᠣᠯᠠᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ᠂ ᠲᠠᠷᠢᠶᠠᠯᠠᠩ ᠤᠨ ᠬᠠᠮᠲᠤᠷᠠᠯᠴᠠᠭ᠎ᠠ᠂ ᠦᠢᠯᠡᠳᠪᠦᠷᠢᠯᠡᠬᠦ ᠴᠢᠳᠠᠪᠤᠷᠢ ᠶᠢᠨ ᠬᠠᠮᠲᠤᠷᠠᠯᠴᠠᠭ᠎ᠠ᠂ ᠵᠠᠬ᠎ᠠ ᠶᠢᠨ ᠠᠷᠠᠯᠵᠢᠶᠠᠨ ᠤ ᠣᠷᠣᠨ ᠤ ᠪᠦᠳᠦᠭᠡᠨ ᠪᠠᠶᠢᠭᠤᠯᠤᠯᠲᠠ᠂ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠪᠠᠶᠢᠭᠤᠯᠤᠯᠲᠠ᠂ ᠵᠥᠪᠯᠡᠯᠴᠡᠬᠦ ᠠᠭᠤᠯᠵᠠᠯᠲᠠ ᠶᠢᠨ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠵᠡᠷᠭᠡ ᠶᠢᠰᠦᠨ ᠲᠠᠯ᠎ᠠ ᠪᠠᠷ ᠬᠤᠯᠪᠣᠭᠳᠠᠯ ᠪᠦᠬᠦᠢ ᠵᠦᠪᠳᠡᠯᠴᠡᠭᠡᠷ ᠲᠤᠭᠲᠠᠪᠠ᠃ ᠨᠢᠭᠡ ᠵᠢᠯ ᠤᠨ ᠲᠤᠷᠰᠢ᠂ ᠬᠤᠯᠪᠣᠭᠳᠠᠯ ᠪᠦᠬᠦᠢ ᠬᠦᠷᠢᠶᠡᠨ ᠳᠠᠬᠢ ᠬᠠᠮᠲᠤᠷᠠᠯᠴᠠᠭ᠎ᠠ ᠨᠢᠭᠡᠨᠲᠡ ᠢᠳᠡᠪᠬᠢᠲᠡᠶ ᠠᠬᠢᠯᠲᠠ ᠲᠠᠢ ᠪᠣᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠤᠷᠪᠠᠨ ᠠᠶᠢᠮᠠᠭ ᠬᠤᠳᠠ ᠪᠣᠯᠤᠨ ᠮᠣᠩᠭᠤᠯ ᠤᠯᠤᠰ ᠤᠨ ᠵᠡᠭᠦᠨ ᠬᠡᠰᠡᠭ ᠤᠨ ᠭᠤᠷᠪᠠᠨ ᠮᠤᠵᠢ ᠶᠢᠨ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠂ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠪᠠ ᠬᠥᠮᠦᠨ ᠨᠡᠶᠢᠭᠡᠮ ᠤᠨ ᠶᠠᠪᠤᠯᠴᠠᠭ᠎ᠠ ᠶᠢ ᠲᠦᠢᠯ ᠤᠨ ᠶᠡᠬᠡᠪᠡᠷ ᠠᠬᠢᠭᠤᠯᠵᠤ᠂ ᠬᠤᠶᠠᠷ ᠲᠠᠯ᠎ᠠ ᠶᠢᠨ ᠬᠤᠭᠤᠷᠤᠨᠳᠤᠬᠢ ᠬᠠᠮᠲᠤᠷᠠᠨ ᠠᠵᠢᠯᠯᠠᠬᠤ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠪᠠ ᠭᠡᠪᠡ᠃      ᠲᠦᠩᠯᠢᠶᠣᠤ ᠬᠤᠲᠠ ᠶᠢᠨ ᠳᠠᠷᠤᠭ᠎ᠠ ᠪᠦᠦ ᠵᠧᠨ ᠢᠦᠢ ᠲᠠᠨᠢᠯᠴᠠᠭᠤᠯᠤᠭᠰᠠ ᠨᠢ᠂ ᠲᠦᠩᠯᠢᠶᠣᠤ ᠬᠤᠳᠠ ᠪᠣᠯᠤᠨ ᠮᠣᠩᠭᠤᠯ ᠤᠯᠤᠰ ᠤᠨ ᠬᠠᠮᠢᠶ᠎ᠠ ᠪᠦᠬᠦᠢ ᠮᠤᠵᠢ ᠣᠷᠣᠨ ᠤ ᠬᠤᠭᠤᠷᠣᠨᠳᠣᠬᠢ ᠬᠠᠷᠢᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠬᠤᠶᠠᠷ ᠲᠠᠯ᠎ᠠ ᠶᠢᠨ ᠬᠤᠭᠤᠷᠣᠨᠳᠣᠬᠢ ᠪᠡᠯᠡ ᠣᠷᠣᠭᠤᠯᠤᠯᠲᠠ᠂ ᠠᠷᠠᠯᠵᠢᠶ᠎ᠠ᠂ ᠰᠣᠶᠣᠯ ᠤᠨ ᠰᠣᠯᠢᠯᠴᠠᠭ᠎ᠠ ᠵᠡᠷᠭᠡ ᠠᠵᠢᠯᠯᠠᠭ᠎ᠠ ᠡᠳᠦᠷ ᠢᠷᠡᠬᠦᠶ᠎ᠡ ᠣᠯᠠᠰᠢᠷᠠᠵᠤ ᠪᠠᠶᠢᠨ᠎ᠠ᠃ ᠠᠵᠤ ᠠᠬᠤᠶ ᠠᠷᠠᠯᠵᠢᠶ᠎ᠠ᠂ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠶ ᠭᠦᠨᠵᠡᠭᠡᠶᠢᠷᠡᠵᠦ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠲᠠᠰᠤᠷᠠᠯᠲᠠ ᠦᠭᠡᠢ ᠦᠷᠭᠡᠵᠢᠵᠦ ᠪᠠᠶᠢᠨ᠎ᠠ᠃ ᠰᠠᠭᠤᠷᠢ ᠪᠡᠯᠡᠳᠬᠡᠮᠵᠢ ᠶᠢᠨ ᠲᠠᠯ᠎ᠠ ᠪᠠᠷ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠰᠢᠪᠲᠤᠯᠤᠯᠲᠠ ᠲᠠᠢ ᠪᠤᠯᠪᠠ᠃ ᠬᠤᠶᠠᠷ ᠲᠠᠯ᠎ᠠ ᠪᠠᠷ ᠢᠶᠠᠨ ᠣᠷᠣᠨ ᠪᠦᠰᠡ ᠶᠢᠨ ᠬᠤᠭᠤᠷᠣᠨᠳᠣᠬᠢ ᠪᠣᠳᠠᠲᠤ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠵᠤ ᠂ ᠬᠦᠮᠦᠨ ᠨᠡᠶᠢᠭᠡᠮ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠠᠶᠢᠩᠭᠤᠵᠢᠭᠰᠠᠨ ᠬᠠᠮᠲᠤᠷᠠᠨ ᠠᠵᠢᠯᠯᠠᠬᠤ ᠲᠣᠭᠲᠠᠴᠠ ᠶᠢ ᠪᠦᠷᠢᠨᠰᠢᠭᠦᠯᠬᠦ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号