ᠬᠥᠯᠥᠨ ᠪᠤᠶᠢᠷ ᠬᠤᠳᠠ ︽ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠤ ᠠᠬᠤᠶᠢᠯᠠᠯ ᠢ ᠳᠡᠮᠵᠢᠨ | ᠠᠵᠢᠯ ᠤᠨ ᠪᠠᠶᠢᠷᠢ ᠶᠢ ᠨᠢ ᠲᠣᠭᠲᠠᠪᠤᠷᠢᠵᠢᠭᠤᠯᠬᠤ ᠬᠤᠯᠪᠤᠭᠳᠠᠯ ᠪᠦᠬᠦᠢ ᠠᠰᠠᠭᠤᠳᠠᠯ ᠤᠨ ᠲᠤᠬᠠᠢ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠳ᠋ ᠤᠨ ᠵᠠᠰᠠᠭ ᠤᠨ ᠶᠠᠮᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠠᠵᠤ ᠠᠬᠤᠢ ᠮᠡᠳᠡᠭᠡ ᠵᠠᠩᠬᠢᠵᠢᠯᠲᠠ ᠶᠢᠨ ᠶᠠᠮᠤᠨ ᠤ ᠮᠡᠳᠡᠭᠳᠡᠯ ᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠦᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠡᠳ᠋ ᠤᠨ ᠵᠠᠰᠠᠭ ᠤᠨ ᠲᠢᠩᠬᠢᠮ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ | ᠠᠵᠤ ᠠᠬᠤᠶ ᠮᠡᠳᠡᠭᠡ ᠵᠠᠩᠬᠢᠵᠢᠯᠲᠠ ᠶᠢᠨ ᠵᠦᠪᠯᠡᠯ ᠤᠨ ᠤᠯᠠᠮᠵᠢᠯᠠᠨ ᠲᠠᠷᠬᠠᠭᠠᠬᠤ ᠤᠴᠢᠷ︾ ᠵᠢᠴᠢ ︽ᠠᠵᠤ | ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠨᠢ ᠲᠣᠭᠲᠠᠪᠤᠷᠢᠵᠢᠭᠤᠯᠬᠤ ᠨᠡᠶᠢᠭᠡᠮ ᠤᠨ ᠳᠠᠭᠠᠳᠬᠠᠯ ᠤᠨ | ᠨᠥᠬᠦᠪᠥᠷᠢ ᠶᠢ ᠰᠠᠯᠭᠠᠨ ᠥᠭᠬᠦ ᠲᠤᠬᠠᠢ ᠬᠥᠯᠥᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠤ | ᠴᠣᠬᠤᠯᠠᠪᠤᠷᠢ︾ ᠶᠢᠨ ᠲᠦᠷᠦ ᠶᠢᠨ ᠪᠤᠳᠤᠯᠭ᠎ᠠ ᠶᠢ ᠢᠳᠡᠪᠬᠢᠲᠡᠶ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠪᠦᠲᠦᠮᠵᠢᠲᠡᠶ ᠠᠷᠭ᠎ᠠ ᠬᠡᠮᠵᠢᠶ᠎ᠡ ᠠᠪᠤᠨ ᠠᠵᠢᠯᠳᠠᠨ ᠤ ᠤᠷᠤᠨ ᠲᠤᠭ᠎ᠠ ᠶᠢ ᠬᠠᠰᠤᠬᠤ ᠥᠭᠡᠢ ᠪᠣᠶᠤ ᠪᠠᠭ᠎ᠠ ᠬᠠᠰᠤᠬᠤ | ᠠᠷᠭ᠎ᠠ ᠪᠠᠷ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠨᠢ ᠲᠣᠭᠲᠠᠪᠤᠷᠢᠲᠠᠢ ᠠᠵᠤ ᠠᠬᠤᠶᠢᠯᠠᠯ ᠳᠤ᠂ ᠠᠵᠢᠯ | ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠠᠴᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ | ᠨᠥᠬᠦᠪᠥᠷᠢ ᠣᠯᠭᠤᠪᠠ᠃ | 2016 ᠣᠨ ᠳᠤ ᠠᠵᠤ ᠠᠬᠤᠢ ᠶᠢᠨ ᠪᠠᠭᠤᠷᠠᠬᠤ ᠳᠠᠷᠤᠯᠲᠠ ᠲᠠᠰᠤᠷᠠᠯᠳᠠ ᠥᠭᠡᠢ ᠨᠡᠮᠡᠭᠳᠡᠬᠦ ᠨᠦᠯᠦᠭᠡᠯᠡᠯ | ᠳᠣᠣᠷ᠎ᠠ᠂ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ | ᠳᠠᠪᠠᠵᠤ᠂ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠠᠴᠠ 5051.2 ᠲᠦᠮᠡᠨ ᠲᠥᠭᠦᠷᠢᠭ | ᠲᠣᠬᠢᠷᠠᠭᠤᠯᠤᠨ 111 ᠬᠦᠴᠢᠷᠳᠡᠯᠲᠡᠢ ᠠᠵᠤ ᠠᠬᠤᠶᠢᠯᠠᠯ ᠢ ᠳᠡᠮᠵᠢᠨ 68610 ᠠᠵᠢᠯ ᠣᠯᠭᠤᠯᠲᠠ ᠶᠢᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠶᠢ | ᠭᠤᠣᠯᠳᠠᠭᠤ ᠠᠵᠢᠯᠲᠠᠨ ᠠᠵᠢᠯᠴᠢᠨ ᠤ ᠠᠮᠢᠳᠤᠷᠠᠯ ᠤᠨ ᠨᠥᠬᠦᠪᠥᠷᠢ᠂ ᠨᠡᠶᠢᠭᠡᠮ ᠤᠨ ᠳᠠᠭᠠᠳᠬᠠᠯ ᠲᠤᠰᠢᠶᠠᠬᠤ ᠵᠠᠷᠤᠳᠠᠯ᠂ | ᠠᠵᠢᠯ ᠤᠨ ᠪᠠᠶᠢᠷᠢ ᠰᠣᠯᠢᠬᠤ ᠪᠣᠯᠪᠠᠰᠤᠷᠠᠭᠤᠯᠤᠯ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ | ᠵᠡᠷᠭᠡ ᠳᠤ ᠬᠡᠷᠡᠭᠯᠡᠪᠡ᠃ ᠬᠥᠯᠥᠨ ᠪᠤᠶᠢᠷ ᠬᠤᠳᠠ ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠤ ᠠᠬᠤᠶᠢᠯᠠᠯ ᠢ | ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠶᠠᠪᠤᠳᠠᠯ ᠨᠢ᠂ | ᠠᠵᠢᠯ ᠠᠯᠳᠠᠭᠰᠠᠳ ᠤᠨ ᠳᠠᠭᠠᠳᠬᠠᠯ ᠤᠨ ᠳᠦᠷᠢᠮ ᠤᠨ ᠠᠵᠢᠯ ᠠᠯᠳᠠᠯᠲᠠ ᠶᠢ ᠤᠷᠢᠳᠴᠢᠯᠠᠨ ᠰᠡᠷᠭᠡᠶᠢᠯᠡᠬᠦ᠂ ᠠᠵᠢᠯ | ᠣᠯᠭᠤᠯᠲᠠ ᠶᠢ ᠠᠬᠢᠭᠤᠯᠬᠤ ᠴᠢᠳᠠᠮᠵᠢ ᠶᠢ ᠴᠢᠩᠭᠠᠳᠬᠠᠬᠤ ᠲᠠᠯ᠎ᠠ ᠪᠠᠷ ᠰᠢᠪᠲᠤᠯᠤᠯᠲᠠ ᠲᠠᠢ ᠪᠤᠯᠵᠤ᠂ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ᠂ ᠨᠡᠶᠢᠭᠡᠮ ᠤᠨ ᠪᠠᠶᠢᠳᠠᠯ ᠢ ᠲᠣᠭᠲᠠᠭᠤᠨ ᠪᠠᠶᠢᠯᠭᠠᠬᠤ ᠶᠢ ᠠᠬᠢᠭᠤᠯᠬᠤ ᠪᠠ | ᠬᠥᠯᠥᠨ ᠪᠤᠶᠢᠷ ᠬᠤᠲᠠ ᠶᠢᠨ ᠡᠯ᠎ᠡ ᠵᠦᠢᠯ ᠤᠨ ᠠᠵᠤ ᠠᠬᠤᠶ ᠶᠢᠨ ᠲᠣᠭᠲᠠᠭᠤᠨ ᠬᠥᠭᠵᠢᠯᠲᠡ ᠶᠢ ᠳᠡᠳᠬᠦᠨ | ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ |