ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠵᠠᠰᠠᠭ ᠤᠨ ᠣᠷᠳᠣᠨ ᠤ ᠪᠠᠶᠢᠭᠤᠯᠭ᠎ᠠ ᠪᠤᠯᠤᠨ | ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠨᠢᠭᠡᠴᠡ ︵ᠳᠣᠷᠣᠭᠰᠢ ᠯᠠᠪᠯᠠᠯᠲᠠ ᠪᠣᠯᠭᠠᠨ | ᠬᠠᠮᠢᠶᠠᠷᠬᠤ ᠨᠢᠭᠡᠴᠡ ᠭᠡᠵᠦ ᠲᠣᠪᠴᠢᠯᠠᠨ᠎ᠠ︶ ᠶᠢᠨ ᠠᠯᠪᠠᠲᠠᠨ ︵ᠠᠵᠢᠯᠲᠠᠨ︶ ᠤ ᠡᠩᠨᠡᠭᠡᠨ ᠤ ᠪᠦᠲᠦᠴᠡ ᠶᠢ | ᠰᠢᠯᠢᠳᠡᠭᠵᠢᠭᠦᠯᠬᠦ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠠᠯᠪᠠᠳᠠᠨ ᠤ ᠲᠣᠪᠴᠢᠶ᠎ᠠ ᠠᠴᠠ 2016 | ᠣᠨ ᠤ ᠭᠤᠷᠪᠠᠳᠤᠭᠠᠷ ᠤᠳᠠᠭᠠᠨ ᠤ ᠠᠯᠪᠠᠲᠠᠨ ︵ᠠᠵᠢᠯᠲᠠᠨ︶ ᠢᠯᠡ ᠪᠠᠷ ᠰᠢᠯᠢᠨ ᠰᠣᠩᠭᠤᠬᠤ ᠠᠵᠢᠯ ᠢ | ᠥᠷᠨᠢᠭᠦᠯᠬᠦ ᠪᠠᠷ ᠲᠣᠭᠲᠠᠪᠠ᠃ ᠲᠤᠰ ᠤᠳᠠᠭᠠᠨ ᠤ ᠢᠯᠡ ᠪᠠᠷ ᠰᠢᠯᠢᠨ ᠰᠣᠩᠭᠤᠬᠤ ᠳᠤ ᠨᠡᠷ᠎ᠡ ᠮᠡᠳᠡᠭᠦᠯᠬᠦ ᠳᠤ ᠨᠡᠷ᠎ᠡ | ᠮᠡᠳᠡᠭᠦᠯᠬᠦ ᠬᠦᠮᠦᠰ ᠤᠨ ᠬᠤᠪᠢ ᠬᠥᠮᠦᠨ ᠤ ᠰᠠᠶᠢᠨ ᠳᠤᠷ᠎ᠠ ᠠᠴᠠ ᠪᠠᠨ ᠪᠠᠶᠢᠬᠤ ᠪᠠ ᠵᠣᠬᠢᠶᠠᠨ ᠪᠠᠶᠢᠭᠤᠯᠤᠯᠲᠠ ᠪᠠᠷ | ᠵᠦᠪᠰᠢᠶᠡᠷᠡᠭᠦᠯᠬᠦ ᠠᠷᠭ᠎ᠠ ᠪᠠᠷ ᠶᠠᠪᠤᠭᠳᠠᠭᠤᠯᠵᠤ᠂ 8 ᠳ᠋ᠤᠭᠠᠷ ᠰᠠᠷ᠎ᠠ ᠶᠢᠨ 15 ᠤ ᠡᠳᠦᠷ ᠤᠨ 9 ᠴᠠᠭ ᠠᠴᠠ 8 | ᠳ᠋ᠤᠭᠠᠷ ᠰᠠᠷ᠎ᠠ ᠶᠢᠨ 21 ᠤ ᠡᠳᠦᠷ ᠤᠨ 17 ᠴᠠᠭ ᠪᠣᠯᠲᠠᠯ᠎ᠠ ᠨᠡᠷ᠎ᠡ ᠮᠡᠳᠡᠭᠦᠯᠦᠨ᠎ᠡ᠃ | ᠲᠤᠰ ᠤᠳᠠᠭᠠᠨ ᠤ ᠢᠯᠡ ᠪᠠᠷ ᠰᠢᠯᠢᠨ ᠰᠣᠩᠭᠤᠬᠤ ᠲᠤᠰᠢᠶᠠᠯ ᠤᠨ ᠪᠠᠶᠢᠷᠢ ᠨᠢ ᠡᠷᠬᠢᠯᠡᠭᠴᠢ ᠭᠡᠰᠢᠭᠦᠴᠢ | ᠪᠣᠯᠤᠨ ᠲᠡᠭᠦᠨ ᠠᠴᠠ ᠳᠤᠷᠤᠭᠰᠢᠬᠢ ᠲᠤᠰᠢᠶᠠᠯ ᠤᠨ ᠪᠠᠶᠢᠷᠢ ᠪᠤᠯᠤᠨ᠎ᠠ᠂ ᠨᠡᠷ᠎ᠡ ᠮᠡᠳᠡᠭᠦᠯᠬᠦ ᠬᠡᠪᠴᠢᠶ᠎ᠡ ᠪᠤᠯ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ ᠵᠢᠴᠢ ᠲᠡᠭᠦᠨ ᠠᠴᠠ ᠳᠣᠷᠣᠭᠰᠢᠬᠢ | ᠪᠠᠶᠢᠭᠤᠯᠭ᠎ᠠ ᠶᠢᠨ ᠨᠢᠭᠡᠨᠲᠡ ᠠᠯᠪᠠᠲᠠᠨ ᠢᠶᠠᠷ ᠮᠡᠳᠡᠭᠦᠯᠦᠨ ᠳᠠᠩᠰᠠᠯᠠᠭᠤᠯᠤᠭᠰᠠᠨ ᠮᠥᠷᠲᠡᠭᠡᠨ ᠣᠷᠣᠨ ᠲᠤᠭ᠎ᠠ ᠪᠤᠯᠤᠨ | ᠠᠵᠢᠯ ᠤᠨ ᠪᠠᠶᠢᠷᠢᠨ ᠳᠤ ᠪᠠᠶᠢᠭ᠎ᠠ ᠠᠯᠪᠠᠲᠠᠨ ᠪᠤᠯ ᠪᠠᠶᠢᠭᠤᠯᠭ᠎ᠠ ᠪᠤᠯᠤᠨ ᠯᠠᠪᠯᠠᠯᠲᠠ ᠪᠣᠯᠭᠠᠨ ᠬᠠᠮᠢᠶᠠᠷᠬᠤ ᠨᠢᠭᠡᠴᠡ ᠳᠤ | ᠨᠡᠷ᠎ᠡ ᠮᠡᠳᠡᠭᠦᠯᠵᠤ ᠪᠤᠯᠤᠨ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ ᠵᠢᠴᠢ | ᠲᠡᠭᠦᠨ ᠠᠴᠠ ᠳᠣᠷᠣᠭᠰᠢᠬᠢ ᠯᠠᠪᠯᠠᠯᠲᠠ ᠪᠣᠯᠭᠠᠨ ᠬᠠᠮᠢᠶᠠᠷᠬᠤ ᠨᠢᠭᠡᠴᠡ ᠶᠢᠨ ᠨᠢᠭᠡᠨᠲᠡ ᠯᠠᠪᠯᠠᠯᠲᠠ ᠪᠣᠯᠭᠠᠨ | ᠳᠠᠩᠰᠠᠯᠠᠭᠤᠯᠤᠭᠰᠠᠨ ᠪᠥᠭᠡᠳ ᠣᠷᠣᠨ ᠲᠤᠭ᠎ᠠ ᠪᠤᠯᠤᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠪᠤᠯ ᠵᠥᠪᠬᠡᠨ | ᠯᠠᠪᠯᠠᠯᠲᠠ ᠪᠣᠯᠭᠠᠨ ᠬᠠᠮᠢᠶᠠᠷᠬᠤ ᠨᠢᠭᠡᠴᠡ ᠳᠤ ᠨᠡᠷ᠎ᠡ ᠮᠡᠳᠡᠭᠦᠯᠵᠦ ᠪᠤᠯᠤᠨ᠎ᠠ︔ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠣᠷᠣᠨ ᠨᠤᠲᠤᠭ ᠲᠤ ᠲᠤᠬᠢᠷᠠᠭᠤᠯᠤᠭᠰᠠᠨ ᠨᠢᠭᠡᠴᠡ ︵ | ᠰᠢᠭᠤᠳ ᠬᠠᠮᠢᠶᠠᠷᠬᠤ ᠨᠢᠭᠡᠴᠡ᠂ ᠲᠣᠮᠢᠯᠠᠭᠰᠠᠨ ᠨᠢᠭᠡᠴᠡ ᠵᠡᠷᠭᠡ ᠪᠠᠭᠲᠠᠨ᠎ᠠ︶ ᠶᠢᠨ ᠳᠡᠭᠡᠷ᠎ᠡ ᠳᠤᠷᠠᠳᠤᠭᠰᠠᠨ | ᠨᠥᠬᠦᠴᠡᠯ ᠳᠤ ᠨᠡᠶᠢᠴᠡᠬᠦ ᠠᠯᠪᠠᠲᠠᠨ ᠪᠤᠶᠤ ᠠᠵᠢᠯᠲᠠᠨ ᠴᠤ ᠨᠡᠷ᠎ᠡ ᠮᠡᠳᠡᠭᠦᠯᠦᠨ ᠰᠢᠯᠭᠠᠭᠤᠯᠵᠤ ᠪᠤᠯᠤᠨ᠎ᠠ᠃ ᠲᠥᠪ ᠤᠨ | ᠪᠠ ᠤᠯᠤᠰ ᠤᠨ ᠰᠢᠭᠤᠳ ᠬᠠᠮᠢᠶᠠᠷᠴᠤ ᠪᠠᠶᠢᠭ᠎ᠠ ᠨᠢᠭᠡᠴᠡ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠣᠷᠣᠨ | ᠨᠤᠲᠤᠭ ᠲᠤ ᠲᠤᠬᠢᠷᠠᠭᠤᠯᠤᠭᠰᠠᠨ ᠨᠢᠭᠡᠴᠡ ᠪᠠᠭᠲᠠᠬᠤ ᠦᠭᠡᠢ᠃ | 9 ᠳ᠋ᠤᠭᠡᠷ ᠰᠠᠷ᠎ᠠ ᠶᠢᠨ 3 ᠤ ᠡᠳᠦᠷ ᠪᠢᠷ ᠤᠨ ᠰᠢᠯᠭᠠᠯᠲᠠ ᠬᠢᠨ᠎ᠡ᠃ ᠰᠢᠯᠭᠠᠯᠲᠠ ᠶᠢᠨ ᠭᠠᠵᠠᠷ ᠢ | ᠬᠥᠬᠡᠬᠤᠲᠠ ᠳᠤ ᠲᠤᠬᠢᠷᠠᠭᠤᠯᠪᠠ᠃ 9 ᠳ᠋ᠤᠭᠡᠷ ᠰᠠᠷ᠎ᠠ ᠶᠢᠨ ᠰᠢᠨᠠᠳ ᠪᠤᠶᠤ ᠳᠤᠮᠳᠠᠴᠢ ᠪᠠᠷ᠂ ᠰᠢᠯᠭᠠᠭᠤᠯᠤᠭᠰᠠᠳ | ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http: | //www.impta.com︶ ᠠᠴᠠ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠵᠤ | ᠪᠤᠯᠤᠨ᠎ᠠ᠃ |