| 8 ᠳ᠋ᠤᠭᠠᠷ ᠰᠠᠷ᠎ᠠ ᠶᠢᠨ 16 ᠤ ᠡᠳᠦᠷ᠂ ᠦᠪᠦᠷ ᠮᠤᠩᠭᠤᠯ ᠤᠨ ᠬᠤᠶᠠᠳᠤᠭᠠᠷ ᠬᠤᠭᠤᠴᠠᠭᠠᠨ ᠤ ᠮᠤᠩᠭᠤᠯ | ᠡᠮ ᠡᠮᠨᠡᠯᠭᠡ ᠶᠢᠨ ᠠᠵᠦ ᠦᠢᠯᠡᠰ ᠤᠨ ᠦᠵᠡᠰᠬᠦᠯᠡᠩ ᠵᠢᠴᠢ ᠠᠽᠢᠶ᠎ᠠ ᠡᠸᠦ᠋ᠷᠤᠫᠠ ᠨᠤᠮᠤᠬᠠᠨ ᠳᠠᠯᠠᠢ ᠶᠢᠨ ᠭᠠᠵᠠᠷ | ᠤᠷᠤᠨ ᠤ ᠶᠡᠭᠡ ᠰᠤᠷᠭᠠᠭᠤᠯᠢ ᠶᠢᠨ ᠬᠤᠯᠪᠤᠭ᠎ᠠ ᠶᠢᠨ ᠮᠤᠩᠭᠤᠯ ᠡᠮ ᠤᠨ ᠡᠷᠳᠡᠮ ᠰᠢᠨᠵᠢᠯᠡᠭᠡᠨ ᠤ ᠲᠦᠷᠦᠬᠦᠴᠤᠳ | ᠤᠨ ᠶᠠᠷᠢᠯᠴᠠᠭᠠᠨ ᠤ ᠳᠡᠪᠴᠠᠩ ᠤᠨ ᠠᠬᠤᠢ ᠲᠠᠯᠠᠪᠠᠢ᠃ | | 8 ᠳ᠋ᠤᠭᠠᠷ ᠰᠠᠷ᠎ᠠ ᠶᠢᠨ 16 ᠤ ᠡᠳᠦᠷ᠂ ᠦᠪᠦᠷ ᠮᠤᠩᠭᠤᠯ ᠤᠨ ᠵᠠᠰᠠᠭ ᠤᠨ ᠣᠷᠳᠣᠨ ᠤ ᠳᠡᠳ᠋ | ᠲᠡᠷᠢᠬᠦᠯᠡᠭᠴᠢ ᠯᠢᠤ ᠰᠢᠨ ᠯᠧ ᠥᠪᠣᠷ ᠮᠣᠩᠭᠤᠯ ᠤᠨ ᠮᠣᠩᠭᠤᠯ ᠡᠮ ᠡᠮᠨᠡᠯᠭᠡ ᠶᠢᠨ ᠢᠨᠵᠧᠨᠧᠷᠢᠩ ᠤᠨ ᠮᠡᠷᠭᠡᠵᠢᠯ ᠢ | ᠰᠤᠳᠤᠯᠬᠤ ᠬᠦᠷᠢᠶᠡᠯᠡᠩ ᠳᠤ ᠲᠣᠭᠤᠷᠢᠨ ᠦᠵᠡᠵᠦ ᠪᠠᠶᠢᠭ᠎ᠠ ᠨᠢ᠃ | 8 ᠳ᠋ᠤᠭᠠᠷ ᠰᠠᠷ᠎ᠠ ᠶᠢᠨ 16 ᠤ ᠡᠳᠦᠷ᠂ ᠦᠪᠦᠷ ᠮᠤᠩᠭᠤᠯ ᠤᠨ ᠬᠤᠶᠠᠳᠤᠭᠠᠷ ᠬᠤᠭᠤᠴᠠᠭᠠᠨ ᠤ ᠮᠤᠩᠭᠤᠯ | ᠡᠮ ᠡᠮᠨᠡᠯᠭᠡ ᠶᠢᠨ ᠠᠵᠦ ᠦᠢᠯᠡᠰ ᠤᠨ ᠦᠵᠡᠰᠬᠦᠯᠡᠩ ᠵᠢᠴᠢ ᠠᠽᠢᠶ᠎ᠠ ᠡᠸᠦ᠋ᠷᠤᠫᠠ ᠨᠤᠮᠤᠬᠠᠨ ᠳᠠᠯᠠᠢ ᠶᠢᠨ ᠭᠠᠵᠠᠷ | ᠤᠷᠤᠨ ᠤ ᠶᠡᠭᠡ ᠰᠤᠷᠭᠠᠭᠤᠯᠢ ᠶᠢᠨ ᠬᠤᠯᠪᠤᠭ᠎ᠠ ᠶᠢᠨ ᠮᠤᠩᠭᠤᠯ ᠡᠮ ᠤᠨ ᠡᠷᠳᠡᠮ ᠰᠢᠨᠵᠢᠯᠡᠭᠡᠨ ᠤ ᠲᠦᠷᠦᠬᠦᠴᠤᠳ | ᠤᠨ ᠶᠠᠷᠢᠯᠴᠠᠭᠠᠨ ᠤ ᠳᠡᠪᠴᠠᠩ ᠲᠦᠩᠯᠢᠶᠤᠤ ᠬᠤᠳᠠ ᠳᠤ ᠡᠬᠢᠯᠡᠪᠡ᠃ | ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢᠤ ᠰᠢᠨ ᠯᠧ ᠡᠬᠢᠯᠡᠯᠳᠡ ᠶᠢᠨ ᠶᠤᠰᠤᠯᠠᠯ ᠳᠤ | ᠤᠷᠤᠯᠴᠠᠵᠦ ᠶᠠᠷᠢᠶ᠎ᠠ ᠲᠠᠯᠪᠢᠵᠠᠢ᠃ | ᠯᠢᠤ ᠰᠢᠨ ᠯᠧ ᠵᠢᠭᠠᠵᠦ ᠭᠠᠷᠭᠠᠭᠰᠠᠨ ᠨᠢ᠂ ᠮᠤᠩᠭᠤᠯ ᠡᠮ ᠡᠮᠨᠡᠯᠭᠡ ᠪᠤᠯ ᠳᠤᠮᠳᠠᠳᠦ ᠶᠢᠨ ᠦᠨᠳᠦᠰᠦᠳᠡᠨ ᠤ | ᠤᠯᠠᠮᠵᠢᠯᠠᠯᠳᠦ ᠡᠮ ᠡᠮᠨᠡᠯᠭᠡ ᠶᠢᠨ ᠡᠷᠳᠡᠨᠢᠰ ᠤᠨ ᠰᠠᠩ ᠤᠨ ᠴᠢᠬᠤᠯᠠ ᠪᠦᠷᠢᠯᠳᠦᠬᠦᠨ ᠬᠡᠰᠡᠭ ᠮᠦᠨ᠃ ᠡᠯ᠎ᠠ ᠭᠠᠵᠠᠷ | ᠤᠨ ᠬᠢᠨ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠳᠤ ᠠᠭᠤᠰᠤᠯᠴᠠᠨ ᠮᠤᠩᠭᠤᠯ | ᠡᠮ ᠡᠮᠨᠡᠯᠭᠡ ᠶᠢᠨ ᠰᠤᠶᠤᠯ ᠢ ᠤᠯᠠᠮᠵᠢᠯᠠᠨ ᠬᠦᠭᠵᠢᠬᠦᠯᠬᠦ ᠪᠡ ᠰᠢᠨ᠎ᠡ ᠶᠢ ᠡᠭᠦᠳᠬᠦ ᠠᠵᠢᠯ ᠢ ᠰᠠᠶᠢᠳᠤᠷ ᠬᠢᠵᠦ᠂ | ᠮᠤᠩᠭᠤᠯ ᠡᠮ ᠡᠮᠨᠡᠯᠭᠡ ᠶᠢᠨ ᠠᠵᠦ ᠦᠢᠯᠡᠰ ᠤᠨ ᠬᠦᠭᠵᠢᠯᠳᠡ ᠶᠢ ᠤᠯᠠᠮ ᠨᠢᠭᠡ ᠠᠯᠬᠤᠮ ᠲᠦᠷᠭᠡᠳᠭᠡᠨ ᠠᠬᠢᠭᠤᠯᠵᠦ | ᠂ ᠮᠤᠩᠭᠤᠯ ᠡᠮ ᠡᠮᠨᠡᠯᠭᠡ ᠶᠢᠨ ᠬᠦᠭᠵᠢᠯᠳᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ | ᠦᠷᠬᠦᠯᠵᠢᠯᠡᠨ ᠲᠡᠬᠦᠯᠳᠡᠷᠵᠢᠬᠦᠯᠵᠦ᠂ ᠤᠳᠤ ᠦᠶ᠎ᠡ ᠶᠢᠨ ᠮᠤᠩᠭᠤᠯ ᠡᠮ ᠡᠮᠨᠡᠯᠭᠡ ᠶᠢᠨ ᠠᠵᠦ ᠦᠢᠯᠡᠰ ᠤᠨ | ᠲᠤᠭᠳᠠᠴᠠ ᠶᠢ ᠲᠦᠷᠭᠡᠳᠭᠡᠨ ᠪᠠᠶᠢᠭᠤᠯᠬᠤ ᠬᠡᠷᠡᠭᠳᠠᠢ᠃ ᠤᠷᠤᠨ ᠪᠦᠰᠡ ᠶᠢᠨ ᠬᠤᠭᠤᠷᠤᠨᠳᠤᠬᠢ ᠮᠤᠩᠭᠤᠯ ᠡᠮ | ᠡᠮᠨᠡᠯᠭᠡ ᠶᠢᠨ ᠰᠤᠯᠢᠯᠴᠠᠭ᠎ᠠ ᠬᠠᠮᠳᠤᠷᠠᠯᠴᠠᠭ᠎ᠠ ᠶᠢ ᠢᠳᠡᠪᠬᠢᠳᠠᠢ ᠠᠬᠢᠭᠤᠯᠵᠦ᠂ ᠮᠤᠩᠭᠤᠯ ᠡᠮ ᠡᠮᠨᠡᠯᠭᠡ ᠶᠢᠨ | ᠪᠠᠷᠢᠮᠵᠢᠶᠠᠵᠢᠭᠰᠠᠨ᠂ ᠠᠵᠦ ᠦᠢᠯᠡᠰᠵᠢᠭᠰᠡᠨ᠂ ᠨᠡᠷᠡᠲᠦ ᠳᠡᠮᠳᠡᠭᠵᠢᠭᠰᠡᠨ ᠬᠦᠭᠵᠢᠯᠳᠡ ᠶᠢ ᠶᠡᠬᠡᠪᠡᠷ ᠠᠬᠢᠭᠤᠯᠵᠦ᠂ | ᠮᠤᠩᠭᠤᠯ ᠡᠮ ᠡᠮᠨᠡᠯᠭᠡ ᠶᠢᠨ ᠰᠤᠳᠤᠯᠤᠨ ᠦᠢᠯᠡᠳᠬᠦ ᠮᠡᠷᠭᠡᠵᠢᠯ ᠪᠠ ᠦᠨᠡᠯᠡᠯᠳᠡ ᠶᠢᠨ ᠪᠠᠷᠢᠮᠵᠢᠶ᠎ᠠ ᠶᠢᠨ ᠰᠤᠳᠤᠯᠭᠠᠨ ᠢ | ᠴᠢᠩᠭᠠᠳᠬᠠᠬᠤ ᠭᠡᠷᠡᠭᠳᠠᠢ᠃ ᠮᠤᠩᠭᠤᠯ ᠡᠮ ᠡᠮᠨᠡᠯᠭᠡ ᠶᠢᠨ ᠤᠳᠤᠬᠢᠴᠢᠯᠠᠭᠰᠠᠨ ᠬᠦᠭᠵᠢᠯᠳᠡ ᠶᠢᠨ ᠰᠠᠭᠤᠷᠢᠨ ᠢ | ᠬᠦᠴᠦᠯᠡᠨ ᠴᠤᠭᠴᠠᠯᠠᠵᠦ᠂ ᠦᠪᠦᠷ ᠮᠤᠩᠭᠤᠯ ᠢ ᠤᠯᠤᠰ ᠤᠨ ᠳᠤᠳᠤᠭᠠᠳᠦ ᠭᠠᠳᠠᠭᠠᠳᠦ ᠶᠢᠨ ᠮᠤᠩᠭᠤᠯ ᠡᠮ ᠤᠨ ︽ | ᠰᠤᠷᠭᠠᠬᠤ᠂ ᠰᠤᠳᠤᠯᠬᠤ᠂ ᠦᠢᠯᠡᠳᠪᠦᠷᠢᠯᠡᠬᠦ᠂ ᠬᠡᠷᠡᠭᠯᠡᠬᠦ︾ ᠶᠢ ᠨᠢᠬᠡ ᠴᠤᠭᠴᠠᠵᠢᠭᠤᠯᠤᠭᠰᠠᠨ ᠬᠤᠯᠪᠤᠭᠠᠰᠦ ᠪᠠ | ᠲᠦᠪ ᠪᠤᠯᠭᠠᠨ ᠪᠦᠳᠦᠬᠡᠨ ᠪᠠᠶᠢᠭᠤᠯᠵᠦ᠂ ᠮᠤᠩᠭᠤᠯ ᠡᠮ ᠡᠮᠨᠡᠯᠭᠡ ᠶᠢᠨ ᠬᠦᠭᠵᠢᠯᠳᠡ ᠶᠢ ᠠᠬᠢᠭᠤᠯᠬᠤ ᠳᠤ ᠬᠤᠪᠢ | ᠨᠡᠮᠡᠷᠢ ᠪᠠᠨ ᠦᠵᠡᠬᠦᠯᠬᠦ ᠭᠡᠷᠡᠭᠳᠠᠢ ᠬᠡᠪᠡ᠃ | ᠲᠤᠰ ᠬᠤᠭᠤᠴᠠᠭᠠᠨ ᠤ ᠮᠤᠩᠭᠤᠯ ᠡᠮ ᠡᠮᠨᠡᠯᠭᠡ ᠶᠢᠨ ᠠᠵᠦ ᠦᠢᠯᠡᠰ ᠤᠨ ᠦᠵᠡᠰᠬᠦᠯᠡᠩ ᠵᠢᠴᠢ ᠠᠽᠢᠶ᠎ᠠ | ᠡᠸᠦ᠋ᠷᠤᠫᠠ ᠨᠤᠮᠤᠬᠠᠨ ᠳᠠᠯᠠᠢ ᠶᠢᠨ ᠭᠠᠵᠠᠷ ᠤᠷᠤᠨ ᠤ ᠶᠡᠭᠡ ᠰᠤᠷᠭᠠᠭᠤᠯᠢ ᠶᠢᠨ ᠬᠤᠯᠪᠤᠭ᠎ᠠ ᠶᠢᠨ ᠮᠤᠩᠭᠤᠯ ᠡᠮ ᠤᠨ | ᠡᠷᠳᠡᠮ ᠰᠢᠨᠵᠢᠯᠡᠭᠡᠨ ᠤ ᠲᠦᠷᠦᠬᠦᠴᠤᠳ ᠤᠨ ᠶᠠᠷᠢᠯᠴᠠᠭᠠᠨ ᠤ ᠳᠡᠪᠴᠠᠩ ᠨᠢ ︽ᠮᠤᠩᠭᠤᠯ ᠡᠮ ᠡᠮᠨᠡᠯᠭᠡ ᠶᠢᠨ | ᠬᠦᠴᠦᠨ ᠢ ᠨᠢᠭᠳᠠᠷᠠᠭᠤᠯᠵᠦ ︿ᠨᠢᠭᠡ ᠪᠦᠰᠡ ᠨᠢᠭᠡ ᠵᠠᠮ﹀ ᠤᠨ ᠰᠢᠨ᠎ᠡ ᠬᠦᠭᠵᠢᠯᠳᠡ ᠳᠤ ᠠᠭᠤᠰᠤᠯᠴᠠᠨ ᠤᠷᠤᠶ᠎ᠠ︾ | ᠬᠡᠬᠦ ᠪᠠᠷ ᠭᠤᠤᠯ ᠰᠡᠳᠦᠪ ᠢᠶᠠᠨ ᠪᠤᠯᠭᠠᠵᠦ᠂ ᠮᠤᠩᠭᠤᠯ ᠡᠮ ᠡᠮᠨᠡᠯᠭᠡ ᠶᠢᠨ ᠰᠤᠶᠤᠯ ᠢᠶᠠᠨ ᠤᠯᠠᠮᠵᠢᠯᠠᠨ ᠬᠠᠮᠠᠭᠠᠯᠠᠬᠤ᠂ | ᠤᠯᠤᠰ ᠤᠨ ︽ᠨᠢᠭᠡ ᠪᠦᠰᠡ ᠨᠢᠭᠡ ᠵᠠᠮ︾ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ | ᠮᠤᠩᠭᠤᠯ ᠡᠮ ᠡᠮᠨᠡᠯᠭᠡ ᠶᠢᠨ ᠰᠢᠨ᠎ᠡ ᠶᠢ ᠡᠬᠦᠳᠬᠦ ᠴᠢᠳᠠᠪᠤᠷᠢ ᠶᠢ ᠳᠡᠭᠡᠭᠰᠢᠯᠡᠬᠦᠯᠬᠦ᠂ ᠮᠤᠩᠭᠤᠯ ᠡᠮ ᠡᠮᠨᠡᠯᠭᠡ ᠶᠢᠨ | ᠠᠵᠦ ᠦᠢᠯᠡᠰ ᠤᠨ ᠰᠢᠨ᠎ᠡ ᠶᠢ ᠡᠭᠦᠳᠦᠭᠰᠡᠨ ᠬᠦᠭᠵᠢᠯᠳᠡ ᠶᠢ ᠠᠬᠢᠭᠤᠯᠬᠤ ᠵᠢᠴᠢ ᠮᠤᠩᠭᠤᠯ ᠡᠮ ᠡᠮᠨᠡᠯᠭᠡ ᠶᠢᠨ | ᠰᠤᠶᠤᠯ ᠤᠨ ᠨᠡᠷᠡᠲᠦ ᠲᠡᠮᠳᠡᠭᠲᠦ ᠶᠢ ᠴᠤᠭᠴᠠᠯᠠᠬᠤ ᠪᠠᠷ ᠵᠤᠷᠢᠯᠳᠠ ᠪᠠᠨ ᠪᠤᠯᠭᠠᠵᠠᠢ᠃ | ᠠᠵᠢᠯᠯᠠᠭ᠎ᠠ ᠶᠢᠨ ᠬᠤᠭᠤᠴᠠᠭᠠᠨ ᠳᠤ ᠦᠪᠦᠷ ᠮᠤᠩᠭᠤᠯ ᠤᠨ ᠬᠤᠶᠠᠳᠤᠭᠠᠷ ᠬᠤᠭᠤᠴᠠᠭᠠᠨ ᠤ ᠮᠤᠩᠭᠤᠯ ᠡᠮ | ᠡᠮᠨᠡᠯᠭᠡ ᠶᠢᠨ ᠠᠵᠦ ᠦᠢᠯᠡᠰ ᠤᠨ ᠬᠦᠭᠵᠢᠯᠳᠡ ᠶᠢᠨ ᠰᠤᠳᠤᠯᠤᠨ ᠶᠠᠷᠢᠯᠴᠠᠬᠤ ᠬᠤᠷᠠᠯ᠂ ᠰᠢᠨ᠎ᠡ ᠡᠮ ᠤᠨ | ᠰᠤᠳᠤᠯᠭᠠᠨ ᠤ ᠦᠷ᠎ᠡ ᠪᠦᠲᠦᠭᠡᠯ᠂ ᠮᠤᠩᠭᠤᠯ ᠡᠮ ᠤᠨ ᠠᠵᠦ ᠦᠢᠯᠡᠰ ᠤᠨ ᠬᠦᠭᠵᠢᠯᠳᠡ ᠶᠢᠨ ᠦᠷ᠎ᠡ ᠪᠦᠲᠦᠭᠡᠯ ᠢ | ᠨᠡᠶᠢᠳᠡᠯᠡᠬᠦ ᠬᠤᠷᠠᠯ ᠢ ᠬᠤᠷᠠᠯᠳᠤᠭᠤᠯᠬᠤ ᠶᠢᠨ ᠬᠠᠮᠳᠤ ᠮᠤᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ | ᠤᠨ ᠬᠠᠮᠳᠤᠷᠠᠯᠴᠠᠭ᠎ᠠ ᠪᠤᠯᠤᠨ ᠠᠷᠠᠯᠵᠢᠶᠡᠨ ᠤ ᠬᠠᠮᠳᠤᠷᠠᠯᠴᠠᠭ᠎ᠠ ᠶᠢᠨ ᠬᠡᠷ᠎ᠡ ᠲᠤᠭᠳᠠᠬᠤ ᠶᠤᠰᠤᠯᠠᠯ ᠢ ᠶᠠᠪᠤᠭᠳᠠᠭᠤᠯᠪᠠ᠃ | |