ᠲᠦᠩᠯᠢᠶᠣᠤ ᠬᠤᠳᠠ ᠶᠢᠨ ᠣᠨᠳᠣᠣ ᠭᠠᠵᠠᠷ ᠨᠡᠭᠦᠯᠭᠡᠬᠦ ᠠᠵᠢᠯ ᠤᠷᠤᠭᠰᠢᠲᠠᠶ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2016/8/17
      2016 ᠣᠨ ᠳᠤ᠂ ᠲᠦᠩᠯᠢᠶᠣᠤ ᠬᠤᠳ᠋ᠨ ᠡᠮᠬᠢᠯᠡᠨ ᠨᠡᠶᠢᠯᠡᠭᠦᠯᠵᠦ ᠣᠷᠤᠭᠤᠯᠤᠭᠰᠠᠨ ᠪᠡᠯᠡ ᠮᠦᠩᠭᠦ ᠨᠢ    1.94 ᠳ᠋ᠦᠩᠰᠢᠭᠤᠷ ᠲᠥᠭᠦᠷᠢᠭ ᠲᠤ ᠬᠦᠷᠴᠦ᠂ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ 3230 ᠬᠥᠮᠦᠨ ᠢ ᠨᠡᠭᠦᠯᠭᠡᠵᠤ᠂ 1544 ᠬᠥᠮᠦᠨ ᠢ ᠵᠡᠷᠭᠡ ᠳᠤᠨᠢ ᠨᠡᠭᠦᠯᠭᠡᠨ᠂ 1357 ᠭᠡᠷ ᠪᠠᠶᠢᠰᠢᠩ ᠰᠢᠨ᠎ᠡ ᠪᠠᠷ ᠪᠠᠶᠢᠭᠤᠯᠤᠨ᠂ ᠪᠠᠷᠢᠯᠭ᠎ᠠ ᠶᠢᠨ ᠶᠡᠷᠦᠩᠬᠡᠶ ᠲᠠᠯᠠᠪᠠᠢ ᠨᠢ 7.962 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠲᠥᠷᠥᠯ ᠵᠦᠢᠯ ᠨᠢ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠦᠷᠢᠶ᠎ᠡ ᠬᠤᠰᠢᠭᠤ᠂ ᠨᠠᠢᠮᠠᠨ ᠬᠤᠰᠢᠭᠤ᠂ ᠺᠠᠶᠢᠯᠦ ᠰᠢᠶᠠᠨ᠂ ᠵᠠᠷᠤᠳ ᠬᠤᠰᠢᠭᠤ ᠵᠡᠷᠭᠡ 6 ᠬᠤᠰᠢᠭᠤ ᠰᠢᠶᠠᠨ ᠤ 156 ᠭᠠᠴᠠᠭ᠎ᠠ ᠲᠣᠰᠬᠤᠨ ᠢ ᠪᠦᠷᠬᠦᠪᠡ᠃ ᠣᠳᠣᠬᠠᠨ ᠪᠣᠯᠲᠠᠯ᠎ᠠ᠂ ᠪᠦᠬᠦ ᠬᠤᠲᠠ ᠶᠢᠨ 42 ᠨᠡᠭᠦᠯᠭᠡᠬᠦ ᠲᠦᠷᠦᠯ ᠵᠦᠢᠯ ᠤᠨ ᠪᠦᠳᠦᠬᠡᠨ ᠪᠠᠶᠢᠭᠤᠯᠬᠤ ᠳᠠᠭᠠᠭᠠᠴᠢᠯᠠᠯᠲᠠ ᠶᠢᠨ ᠬᠡᠰᠡᠭ ᠤᠨ 12᠎ ᠨᠢ ᠨᠢᠭᠡᠨᠲᠡ ᠠᠵᠢᠯ ᠡᠬᠢᠯᠡᠭᠦᠯᠦᠨ᠂ ᠳᠠᠭᠠᠭᠠᠴᠢᠯᠠᠯᠲᠠ ᠵᠠᠷᠯᠠᠭᠰᠠᠨ ᠪᠠ ᠳᠠᠭᠠᠭᠠᠴᠢᠯᠠᠯᠲᠠ ᠬᠦᠯᠢᠶᠡᠭᠰᠡᠨ ᠨᠢ 16 ᠪᠠᠶᠢᠵᠤ᠂ ᠪᠤᠰᠤᠳ 14 ᠲᠦᠷᠦᠯ ᠵᠦᠢᠯ ᠤᠨ ᠳᠠᠭᠠᠭᠠᠴᠢᠯᠠᠯᠲᠠ ᠶᠢᠨ ᠬᠡᠰᠡᠭ ᠨᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠱᠠᠲᠤᠨ ᠳᠤ ᠤᠷᠤᠭᠰᠠᠨ ᠪᠦᠭᠡᠳ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢᠶᠠᠨ ᠡᠮᠬᠢᠯᠡᠨ ᠴᠡᠭᠴᠡᠯᠡᠵᠦ᠂ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠦᠨ᠂ 10 ᠰᠠᠷ᠎ᠠ ᠶᠢᠨ ᠳᠤᠮᠳᠠᠴᠢ ᠪᠠᠷ ᠪᠦᠬᠦᠨ ᠢ ᠪᠠᠶᠢᠭᠤᠯᠵᠤ ᠳᠠᠭᠤᠰᠬᠠᠬᠤ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号