ᠤᠯᠠᠭᠠᠨᠴᠠᠪ ᠬᠤᠲᠠ ᠶᠢᠨ ᠠᠵᠢᠯ ᠣᠯᠭᠤᠬᠤ ᠠᠵᠢᠯ ᠤᠨ ᠠᠬᠢᠴᠠ ᠶᠢᠨ ᠪᠠᠶᠢᠳᠠᠯ
ᠨᠡᠶᠢᠲᠡᠯᠡᠭᠰᠡᠨ ᠴᠠᠭ᠄
2016/8/17
      ᠳᠡᠭᠡᠷ᠎ᠡ ᠬᠠᠭᠠᠰ ᠵᠢᠯ ᠳᠤ᠂ ᠪᠦᠬᠦ ᠬᠤᠲᠠ ᠶᠢᠨ ᠬᠤᠲᠠ ᠪᠠᠯᠭᠠᠰᠤᠨ ᠤ ᠰᠢᠨ᠎ᠡ ᠪᠠᠷ ᠠᠵᠢᠯ ᠤᠯᠭᠤᠭᠰᠠᠨ ᠬᠦᠮᠦᠨ 7727 ᠨᠡᠮᠡᠭᠳᠡᠵᠦ᠂ ᠵᠢᠯ ᠤᠨ ᠲᠥᠯᠥᠪᠯᠡᠭᠰᠡᠨ ᠡᠭᠦᠷᠭᠡ ᠶᠢᠨ 46.8%᠎ ᠶᠢ ᠪᠡᠶᠡᠯᠡᠭᠦᠯᠪᠡ︔ ᠬᠤᠲᠠ ᠪᠠᠯᠭᠠᠰᠤᠨ ᠤ ᠠᠵᠢᠯ ᠠᠯᠳᠠᠭᠰᠠᠳ ᠤᠨ 2261 ᠬᠦᠮᠦᠨ ᠳᠤ ᠳᠠᠬᠢᠨ ᠠᠵᠢᠯ ᠤᠯᠭᠤᠵᠤ᠂ ᠵᠢᠯ ᠤᠨ ᠲᠥᠯᠥᠪᠯᠡᠭᠰᠡᠨ ᠡᠭᠦᠷᠭᠡ ᠶᠢᠨ 62.8%᠎ ᠶᠢ ᠪᠡᠶᠡᠯᠡᠭᠦᠯᠪᠡ︔ ᠠᠵᠢᠯ ᠤᠯᠬᠤ ᠳᠤ ᠬᠦᠴᠢᠷᠲᠡᠶ ᠪᠠᠶᠢᠬᠤ 1159 ᠬᠦᠮᠦᠨ ᠳᠤ ᠠᠵᠢᠯ ᠤᠯᠭᠤᠵᠤ᠂ ᠵᠢᠯ ᠤᠨ ᠲᠥᠯᠥᠪᠯᠡᠭᠰᠡᠨ ᠡᠭᠦᠷᠭᠡ ᠶᠢᠨ38.6%᠎ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ᠪᠦᠬᠦ ᠬᠤᠲᠠ ᠨᠡᠶᠢᠲᠡ 25742 ᠬᠦᠮᠦᠨ ᠳᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠢᠵᠦ᠂ ᠵᠢᠯ ᠤᠨ ᠲᠥᠯᠥᠪᠯᠡᠭᠡ ᠶᠢᠨ 52.7%᠎ ᠶᠢ ᠪᠡᠶᠡᠯᠡᠭᠦᠯᠪᠡ᠃ ᠡᠭᠦᠨ ᠳᠤ᠂ ᠬᠤᠳᠠ ᠪᠠᠯᠭᠠᠰᠤᠨ ᠤ12077 ᠬᠥᠮᠦᠨ ᠳᠤ ᠠᠵᠢᠯ ᠣᠯᠭᠤᠬᠤ ᠪᠣᠯᠪᠠᠰᠤᠷᠠᠭᠤᠯᠤᠯ ᠬᠢᠵᠦ᠂ ᠵᠢᠯ ᠤᠨ ᠲᠥᠯᠥᠪᠯᠡᠭᠰᠡᠨ ᠡᠭᠦᠷᠭᠡ ᠶᠢᠨ 48.3%᠎ ᠶᠢ ᠪᠡᠶᠡᠯᠡᠭᠦᠯᠪᠡ︔ ᠬᠦᠴᠦ ᠶᠠᠪᠤᠭᠴᠢ ᠮᠠᠯᠴᠢᠨ ᠲᠠᠷᠢᠶᠠᠴᠢᠨ ᠤ11773 ᠬᠥᠮᠦᠨ ᠳᠤ ᠰᠢᠯᠵᠢᠭᠦᠯᠬᠦ ᠪᠣᠯᠪᠠᠰᠤᠷᠠᠭᠤᠯᠤᠯ ᠬᠢᠵᠦ᠂ ᠵᠢᠯ ᠤᠨ ᠲᠥᠯᠥᠪᠯᠡᠭᠰᠡᠨ ᠡᠭᠦᠷᠭᠡ ᠶᠢᠨ 57%᠎ ᠶᠢ ᠪᠡᠶᠡᠯᠡᠭᠦᠯᠪᠡ︔᠎ 1892 ᠬᠥᠮᠦᠨ ᠳᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠢᠵᠦ᠂ ᠵᠢᠯ ᠤᠨ ᠲᠥᠯᠥᠪᠯᠡᠭᠰᠡᠨ ᠡᠭᠦᠷᠭᠡ ᠶᠢᠨ 61%᠎ ᠶᠢ ᠪᠡᠶᠡᠯᠡᠭᠦᠯᠪᠡ᠃ ᠪᠣᠯᠪᠠᠰᠤᠷᠠᠭᠤᠯᠤᠯ ᠬᠥᠷᠳᠡᠭᠰᠡᠨ ᠤ ᠲᠠᠷᠠᠭ᠎ᠠ 1600 ᠬᠥᠮᠦᠨ ᠠᠮᠵᠢᠯᠲᠠ ᠲᠠᠢ ᠠᠳᠠᠯ ᠦᠢᠯᠡᠰ ᠴᠤᠭᠴᠠᠯᠠᠵᠤ᠂ ᠪᠦᠬᠦ ᠵᠢᠯ ᠤᠨ ᠡᠭᠦᠷᠭᠡ ᠶᠢᠨ 64.5%᠎ ᠶᠢ ᠪᠡᠶᠡᠯᠡᠭᠦᠯᠪᠡ︔ ᠪᠣᠯᠪᠠᠰᠤᠷᠠᠭᠤᠯᠤᠯ ᠬᠦᠷᠲᠡᠭᠰᠡᠨ ᠤ ᠲᠠᠷᠠᠭ᠎ᠠ 11129 ᠬᠥᠮᠦᠨ ᠳᠤ ᠠᠵᠢᠯ ᠤᠯᠭᠤᠵᠤ᠂ ᠵᠢᠯ ᠤᠨ ᠲᠥᠯᠥᠪᠯᠡᠭᠰᠡᠨ ᠡᠭᠦᠷᠭᠡ ᠶᠢᠨ52.4%᠎ ᠶᠢ ᠪᠡᠶᠡᠯᠡᠭᠦᠯᠪᠡ᠃ ᠬᠦᠴᠦ ᠶᠠᠪᠤᠭᠴᠢ ᠮᠠᠯᠴᠢᠨ ᠲᠠᠷᠢᠶᠠᠴᠢᠨ ᠢ ᠰᠢᠯᠵᠢᠭᠦᠯᠦᠨ 343661 ᠬᠦᠮᠦᠨ ᠳᠤ ᠠᠵᠢᠯ ᠤᠯᠭᠤᠵᠤ᠂ ᠵᠢᠯ ᠤᠨ ᠡᠭᠦᠷᠭᠡ ᠶᠢᠨ 98%᠎ ᠶᠢ ᠪᠡᠶᠡᠯᠡᠭᠦᠯᠪᠡ᠃ 2860 ᠲᠦᠮᠡᠨ ᠲᠥᠭᠦᠷᠢᠭ ᠤᠨ ᠪᠠᠭ᠎ᠠ ᠲᠣᠭᠠᠨ ᠤ ᠳᠠᠭᠠᠭᠠᠴᠢᠯᠠᠭᠠᠲᠤ ᠵᠢᠭᠡᠯᠡᠯᠭᠡ ᠲᠠᠯᠪᠢᠵᠤ᠂ ᠪᠥᠬᠦ ᠵᠢᠯ ᠤᠨ ᠲᠦᠯᠦᠪᠯᠡᠭᠰᠡᠨ ᠡᠭᠦᠷᠭᠡ ᠶᠢᠨ 26%᠎ ᠶᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号