ᠥᠪᠥᠷ ᠮᠣᠩᠭᠤᠯ ᠤᠨ ᠲᠣᠮᠣ ᠬᠡᠯᠪᠡᠷᠢ ᠶᠢᠨ ᠴᠢᠳᠠᠪᠤᠷᠢᠲᠠᠨ ᠤ ᠰᠣᠯᠢᠯᠴᠠᠭᠠᠨ ‍ᠤ‌ᠬᠤᠷᠠᠯ ᠢ 9 ᠳ᠋ᠦ᠋ᠭᠡᠷ ᠰᠠᠷ᠎ᠠ ᠶᠢᠨ 10᠎ ᠤ ᠡᠳᠦᠷ ᠬᠢᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2016/8/18
     ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠡᠷᠬᠢᠯᠡᠬᠦ 2016 ᠣᠨ ᠤ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠠᠵᠢᠯ ᠣᠯᠭᠤᠬᠤ ᠦᠢᠯᠡᠴᠢᠯᠡᠭᠡᠨ ᠤ ᠰᠠᠷ᠎ᠠ ᠶᠢᠨ ᠥᠪᠥᠷ ᠮᠣᠩᠭᠤᠯ ᠤᠨ ᠲᠣᠮᠣ ᠬᠡᠯᠪᠡᠷᠢ ᠶᠢᠨ ᠴᠢᠳᠠᠪᠤᠷᠢᠲᠠᠨ ᠤ ᠰᠣᠯᠢᠯᠴᠠᠭᠠᠨ ᠤ ᠬᠤᠷᠠᠯ ᠢ 9 ᠳ᠋ᠦ᠋ᠭᠡᠷ ᠰᠠᠷ᠎ᠠ ᠶᠢᠨ 10᠎ ᠤ ᠡᠳᠦᠷ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠢᠬᠦ ᠪᠠᠷ ᠪᠠᠶᠢᠨ᠎ᠠ᠃ ᠣᠶᠢᠯᠠᠭᠠᠭᠰᠠᠨ ᠢᠶᠠᠷ᠂ ᠶᠡᠭᠡ ᠬᠤᠷᠠᠯ ᠨᠢ 156 ᠳᠡᠯᠭᠡᠨ ᠦᠵᠡᠭᠦᠯᠬᠦ ᠪᠠᠶᠢᠷᠢ ᠭᠠᠷᠭᠠᠵᠤ᠂ ᠣᠷᠣᠨ ᠤ ᠳᠣᠲᠣᠷ᠎ᠠ ᠭᠠᠳᠠᠨᠠᠬᠢ ᠠᠯᠳᠠᠷ ᠨᠡᠷ᠎ᠡ ᠲᠠᠢ ᠪᠥᠭᠡᠳ ᠬᠦᠴᠦᠷᠬᠡᠭ ᠪᠣᠳᠠᠲᠤ ᠬᠦᠴᠦᠨ ᠲᠠᠢ ᠤᠯᠤᠰ ᠤᠨ ᠥᠮᠴᠢᠯᠡᠯᠲᠦ᠂ ᠬᠠᠮᠲᠤ ᠶᠢᠨ ᠦᠮᠴᠢᠯᠡᠯᠲᠤ᠂ ᠬᠤᠪᠢ ᠣᠷᠣᠭᠤᠯᠬᠤ ᠳᠦᠷᠢᠮᠲᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠯᠲᠠ᠂ ᠳᠡᠭᠡᠳᠦ ᠰᠢᠨ᠎ᠡ ᠮᠡᠷᠭᠡᠵᠢᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠡᠷᠭᠡ ᠡᠯ᠎ᠡ ᠲᠥᠷᠥᠯ ᠤᠨ ᠬᠥᠮᠦᠨ ᠬᠡᠷᠡᠭᠯᠡᠬᠦ ᠨᠢᠭᠡᠴᠡ ᠶᠢ ᠤᠷᠢᠵᠤ ᠠᠵᠢᠯᠲᠠᠨ ᠡᠯᠰᠡᠭᠦᠯᠬᠦ ᠪᠠᠷ ᠪᠠᠶᠢᠨ᠎ᠠ᠂ ᠵᠢᠱᠢᠬᠦ ᠳᠤ ᠡᠯ᠎ᠡ ᠲᠥᠷᠥᠯ ᠤᠨ ᠳᠤᠮᠳᠠ ᠳᠡᠭᠡᠳᠦ ᠳᠡᠰ ᠤᠨ ᠲᠤᠰᠬᠠᠶ ᠮᠡᠷᠭᠡᠵᠢᠯᠲᠡᠨ᠂ ᠬᠠᠮᠢᠶᠠᠷᠤᠯᠲᠠ ᠶᠢᠨ ᠴᠢᠳᠠᠪᠤᠷᠢᠲᠠᠨ᠂ ᠲᠤᠰ ᠬᠤᠭᠤᠴᠠᠭ᠎ᠠ ᠪᠤᠯᠤᠨ ᠦᠩᠭᠡᠷᠡᠭᠰᠡᠨ ᠬᠤᠭᠤᠴᠠᠭᠠᠨ ᠤ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠪᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠠᠷᠤᠭ ᠲᠦᠮᠡ ᠭᠠᠷᠤᠶ ᠬᠦᠮᠦᠨ  ᠬᠤᠷᠠᠯ ᠳᠤ ᠣᠷᠣᠯᠴᠠᠬᠤ ᠪᠣᠯᠤᠨ᠎ᠠ᠃ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ ᠣᠨᠴᠣᠭᠤᠶᠢᠯᠠᠨ ᠰᠠᠨᠠᠭᠤᠯᠬᠤ ᠨᠢ᠄ ᠶᠡᠭᠡ ᠬᠤᠷᠠᠯ ᠤᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠠᠵᠢᠯ ᠡᠷᠢᠭᠴᠢ ᠶᠢ ᠪᠦᠯᠦᠭ ᠬᠤᠪᠢᠶᠠᠨ ᠲᠠᠯᠠᠪᠠᠶ ᠳᠤ ᠣᠷᠣᠭᠤᠯᠤᠨ᠎ᠠ᠂ ᠪᠣᠳᠠᠲᠠᠶ ᠤᠷᠤᠭᠤᠯᠬᠤ ᠴᠠᠭ ᠨᠢ᠄ 8᠄ 30 - 9᠄ 30 ᠪᠤᠯᠲᠠᠯ᠎ᠠ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ︔ 9᠄ 30 - 10᠄ 30 ᠪᠤᠯᠲᠠᠯ᠎ᠠ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠬᠡᠬᠤᠲᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ︔ 10:30᠎ ᠠᠴᠠ ᠬᠤᠶᠢᠰᠢ ᠪᠤᠰᠤᠳ ᠠᠷᠠᠳ ᠠᠴᠠ ᠡᠷᠬᠢᠯᠡᠭᠰᠡᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠵᠢᠴᠢ ᠭᠠᠳᠠᠷ ᠣᠷᠣᠨ ᠤ ᠳᠡᠭᠡᠳᠦ ᠰᠤᠷᠭᠠᠭᠤᠯᠢ ᠵᠡᠷᠭᠡ ᠶᠢ ᠲᠤᠰ ᠲᠤᠰ ᠤᠷᠤᠭᠤᠯᠤᠨ᠎ᠠ᠃ ᠡᠭᠦᠨ ᠠᠴᠠ ᠭᠠᠳᠠᠨ᠎ᠠ᠂ ᠠᠵᠢᠯ ᠡᠷᠢᠭᠴᠢᠳ ᠡᠷᠬᠡᠪᠰᠢ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢᠶᠠᠨ ᠠᠪᠴᠤ ᠲᠠᠯᠠᠪᠠᠶ ᠳᠤ ᠤᠷᠤᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号