| 8 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ ᠠᠴᠠ ᠭᠤᠣᠯᠴᠢᠯᠠᠨ ᠡᠷᠭᠢᠯᠡᠵᠦ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ | ᠦᠢᠯᠡᠳᠪᠦᠷᠢ ᠶᠢᠨ ᠥᠪᠥᠷ ᠮᠣᠩᠭᠤᠯ ᠳᠠᠬᠢ ᠴᠢᠯᠠᠭᠤᠨ ᠲᠣᠰᠣᠨ ᠤ ᠬᠤᠪᠢᠶᠠᠷᠢ ᠺᠤᠮᠫᠠᠨᠢ ᠠᠴᠠ ᠳᠠᠭᠠᠭᠠᠴᠢᠯᠠᠨ | ᠡᠷᠬᠢᠯᠡᠭᠰᠡᠨ ︽ᠵᠢᠷᠭᠠᠯᠠᠩᠲᠤ ᠨᠤᠲᠤᠭ · ᠢ ᠵᠢᠶᠧ ᠳᠤ ᠠᠯᠬᠤᠨ ᠣᠷᠣᠬᠤ︾ ᠬᠡᠮᠡᠬᠦ ᠥᠪᠥᠷ ᠮᠣᠩᠭᠤᠯ ᠤᠨ | ᠤᠨᠴᠠᠯᠢᠭᠳᠤ ᠲᠠᠸᠠᠷ ᠢ ᠲᠠᠨᠢᠯᠴᠠᠭᠤᠯᠤᠨ ᠪᠣᠷᠣᠯᠠᠭᠤᠯᠬᠤ ᠴᠤᠭᠯᠠᠭᠠᠨ ᠬᠥᠬᠡᠬᠤᠲᠠ ᠳᠤ ᠶᠠᠪᠤᠭᠳᠠᠵᠤ᠂ ᠥᠪᠡᠷᠲᠡᠭᠡᠨ | ᠵᠠᠰᠠᠬᠤ ᠣᠷᠣᠨ ᠤ ᠮᠢᠩᠭ᠎ᠠ ᠰᠢᠬᠠᠮ ᠵᠦᠢᠯ ᠤᠨ ᠣᠨᠴᠠᠯᠢᠭᠲᠤ ᠲᠠᠸᠠᠷ ᠳᠤᠮᠳᠠᠳᠤ ᠤᠯᠤᠰ ᠤᠨ ᠴᠢᠯᠠᠭᠤᠨ ᠲᠣᠰᠣ | ᠬᠢᠮᠢ ᠶᠢᠨ ᠠᠵᠤ ᠦᠢᠯᠡᠳᠪᠦᠷᠢ ᠶᠢᠨ 2.4 ᠲᠦᠮᠡᠨ ᠢ ᠵᠢᠶᠧ ᠳᠦᠬᠦᠮ ᠳᠡᠯᠭᠡᠭᠦᠷ ᠲᠤ ᠣᠷᠣᠬᠤ ᠪᠣᠯᠣᠨ᠎ᠠ᠃ | ᠲᠤᠰ ᠤᠳᠠᠭᠠᠨ ᠤ ᠳᠡᠯᠭᠡᠨ ᠪᠣᠷᠣᠯᠠᠭᠤᠯᠬᠤ ᠴᠤᠭᠯᠠᠭᠠᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ | ᠦᠢᠯᠡᠳᠪᠦᠷᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠯᠤᠭ᠎ᠠ ᠪᠠᠶᠢᠯᠳᠤᠬᠤ ᠪᠤᠳᠤᠯᠭ᠎ᠠ ᠶᠢᠨ | ᠬᠤᠷᠰᠢᠯᠴᠠᠭᠠᠨ ᠤ ᠵᠥᠪᠳᠡᠯᠴᠡᠬᠡᠷ ᠲᠣᠭᠲᠠᠵᠤ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ | ᠦᠢᠯᠡᠳᠪᠦᠷᠢ ᠶᠢᠨ 3 ᠲᠦᠮᠡᠨ ᠲᠣᠰᠤ ᠨᠡᠮᠡᠬᠦ ᠥᠷᠲᠡᠭᠡ ᠶᠢᠨ 2.4 ᠲᠦᠮᠡᠨ ᠢ ᠵᠢᠶᠧ ᠲᠥᠭᠦᠮ ᠳᠡᠯᠭᠡᠭᠦᠷ ᠤᠨ | ᠪᠣᠷᠣᠯᠠᠭᠤᠯᠤᠯᠲᠠ ᠶᠢᠨ ᠰᠦᠯᠵᠢᠶ᠎ᠡ ᠶᠢᠨ ᠳᠠᠪᠠᠭᠤᠯᠢᠭ ᠢ ᠠᠰᠢᠭᠯᠠ᠂ ᠥᠪᠥᠷ ᠮᠣᠩᠭᠤᠯ ᠤᠨ ᠤᠨᠴᠠᠯᠢᠭᠳᠤ | ᠲᠠᠸᠠᠷ ᠢᠶᠠᠨ ᠪᠦᠬᠦ ᠤᠯᠤᠰ ᠲᠤ ᠲᠦᠷᠭᠡᠨ ᠪᠣᠷᠣᠯᠠᠭᠤᠯᠬᠤ ᠪᠣᠯᠣᠨ᠎ᠠ᠃ ᠲᠤᠰ ᠡᠳᠦᠷ ᠤᠨ ᠳᠡᠯᠭᠡᠨ ᠪᠣᠷᠣᠯᠠᠭᠤᠯᠬᠤ | ᠴᠤᠭᠯᠠᠭᠠᠨ ᠳᠡᠭᠡᠷ᠎ᠡ᠂ ᠮᠠᠨ ᠤ ᠣᠷᠣᠨ ᠤ ᠭᠤᠴᠢ ᠭᠠᠷᠤᠶ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠮᠢᠩᠭ᠎ᠠ | ᠰᠢᠬᠠᠮ ᠵᠦᠢᠯ ᠤᠨ ᠲᠠᠸᠠᠷ ᠳᠡᠯᠭᠡᠨ ᠦᠵᠡᠭᠦᠯᠦᠯᠭᠡ ᠳᠤ ᠣᠷᠣᠯᠴᠠᠵᠤ᠂ ᠲᠤᠬᠠᠶ ᠶᠢᠨ ᠲᠠᠯᠠᠪᠠᠢ ᠳᠤ ᠳᠤᠮᠳᠠᠳᠤ | ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ 30 ᠭᠠᠷᠤᠶ ᠮᠤᠵᠢ ᠬᠤᠲᠠ ᠶᠢᠨ | ᠪᠣᠷᠣᠯᠠᠭᠤᠯᠬᠤ ᠺᠣᠮᠫᠠᠨᠢ ᠯᠤᠭ᠎ᠠ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠵᠥᠪᠳᠡᠯᠴᠡᠭᠡ ᠬᠢᠵᠦ᠂ ᠪᠣᠯᠵᠤᠭ᠎ᠠ | ᠲᠣᠭᠲᠠᠭᠰᠠᠨ ᠰᠠᠨᠠᠮᠵᠢ ᠶᠢᠨ ᠵᠣᠭᠤᠰ ᠤᠨ ᠲᠤᠭ᠎ᠠ ᠨᠢ 1.2 ᠳ᠋ᠦᠩᠰᠢᠭᠤᠷ ᠰᠢᠬᠠᠮ ᠲᠥᠭᠦᠷᠢᠭ ᠲᠤ ᠬᠦᠷᠪᠡ᠃ | ᠲᠤᠰ ᠤᠳᠠᠭ᠎ᠠ ᠶᠢᠨ ᠥᠪᠥᠷ ᠮᠣᠩᠭᠤᠯ ᠤᠨ ᠤᠨᠴᠠᠯᠢᠭᠳᠤ ᠲᠠᠸᠠᠷ ᠤᠨ ᠲᠠᠨᠢᠯᠴᠠᠭᠤᠯᠬᠤ ᠬᠤᠷᠠᠯ ᠲᠡᠭᠦᠰ | ᠠᠮᠵᠢᠯᠲᠠ ᠲᠠᠢ ᠶᠠᠪᠤᠭᠳᠠᠭᠰᠠᠨ ᠶᠠᠪᠤᠳᠠᠯ ᠨᠢ᠂ ᠥᠪᠡᠷᠲᠡᠭᠡᠨ ᠵᠠᠰᠠᠬᠤ ᠣᠷᠣᠨ ᠤ ᠤᠨᠴᠠᠯᠢᠭᠳᠤ ᠲᠠᠸᠠᠷ ᠤᠨ | ᠦᠢᠯᠡᠳᠪᠦᠷᠢᠯᠡᠯ ᠤᠨ ᠠᠵᠤ ᠠᠬᠤᠶᠢᠯᠠᠯ ᠪᠠ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ | ᠦᠢᠯᠡᠳᠪᠦᠷᠢ ᠶᠢᠨ ᠬᠠᠷᠢᠯᠴᠠᠨ ᠠᠰᠢᠭᠲᠠᠶ ᠬᠠᠮᠲᠤᠷᠠᠨ ᠠᠵᠢᠯᠯᠠᠬᠤ᠂ ᠬᠠᠮᠲᠤ ᠪᠠᠷ ᠬᠥᠭᠵᠢᠬᠦ ᠶᠢ ᠤᠯᠠᠮ ᠨᠢᠭᠡ | ᠠᠯᠬᠤᠮ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠩ ᠤᠯᠠᠨ ᠨᠡᠷᠡᠳᠦ ᠰᠢᠯᠢᠳᠡᠭ | ᠣᠨᠴᠠ ᠲᠠᠸᠠᠷ ᠳᠤᠮᠳᠠᠳᠤ ᠤᠯᠤᠰ ᠤᠨ ᠴᠢᠯᠠᠭᠤᠨ ᠳᠣᠰᠣᠠ ᠤ ᠢ ᠵᠢᠶᠧ ᠳᠦᠬᠦᠮ ᠳᠡᠯᠭᠡᠭᠦᠷ ᠲᠤ ᠣᠷᠣᠬᠤ ᠶᠢ | ᠲᠥᠯᠬᠢᠨ ᠠᠬᠢᠭᠤᠯᠵᠤ᠂ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠢ ᠬᠤᠪᠢᠷᠠᠭᠤᠯᠬᠤ ᠶᠢ ᠤᠯᠠᠮ ᠨᠢᠭᠡ | ᠠᠯᠬᠤᠮ ᠳᠥᠯᠭᠢᠨ ᠠᠬᠢᠭᠤᠯᠵᠤ᠂ ᠣᠷᠣᠨ ᠨᠤᠲᠤᠭ ᠤᠨ ᠠᠵᠤ ᠠᠬᠤᠶ ᠶᠢ ᠴᠡᠴᠡᠭᠯᠡᠨ ᠬᠥᠭᠵᠢᠭᠦᠯᠵᠦ᠂ ᠰᠠᠶᠢᠨ | ᠰᠠᠶᠢᠬᠠᠨ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠯᠬᠤ ᠪᠣᠯᠣᠨ᠎ᠠ᠃ |