7 ᠳ᠋ᠤᠭᠠᠷ ᠰᠠᠷ᠎ᠠ ᠶᠢᠨ 29 ᠤ ᠦᠳᠡ ᠶᠢᠨ ᠡᠮᠦᠨ᠎ᠡ᠂ 2016 ᠣᠨ ᠤ ᠪᠦᠬᠦ ᠣᠷᠣᠨ ᠤ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠬᠤᠷᠠᠯ | ᠬᠥᠬᠡᠬᠤᠲᠠ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠡᠨᠡ ᠤᠳᠠᠭᠠᠨ ᠤ ᠶᠡᠭᠡ ᠬᠤᠷᠠᠯ ᠤᠨ ᠭᠤᠣᠯ ᠡᠭᠦᠷᠭᠡ ᠪᠣᠯ | ᠄ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠬᠤᠷᠠᠯ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠬᠤᠷᠠᠯ᠂ ᠤᠯᠤᠰ ᠤᠨ ᠶᠠᠰᠤ ᠴᠢᠨᠠᠷ ᠢ | ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠳ᠋ᠦᠩᠨᠡᠨ | ᠪᠠᠶᠢᠷᠢᠯᠠᠭᠤᠯᠬᠤ ᠪᠤᠯᠤᠨ᠎ᠠ᠃ ᠤᠯᠤᠰ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ ᠤ ᠳᠡᠳ᠋ ᠳᠠᠷᠤᠭ᠎ᠠ ᠵᠧᠦ ᠵᠢᠦᠢ ᠸᠧᠨ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠡᠳ᠋ ᠳᠠᠷᠤᠭ᠎ᠠ ᠡᠦ ᠰᠦ᠋ ᠬᠠᠶ ᠵᠢᠴᠢ ᠥᠪᠥᠷ | ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠤᠳᠤᠷᠢᠳᠤᠯᠭ᠎ᠠ ᠵᠠᠩ ᠬᠠᠢ | ᠱᠦᠨ᠂ ᠯᠢᠦ ᠪᠦᠸᠧ᠂ ᠵᠠᠩ ᠯᠢ ᠵᠦᠩ᠂ ᠯᠢᠦᠶ ᠶᠢᠨ ᠬᠤᠸᠠ᠂ ᠹᠧᠩ ᠶᠧ᠂ ᠨᠠ ᠿᠢ ᠱᠠ᠂ ᠡᠦ ᠯᠦ ᠰᠢ ᠨᠠᠷ | ᠬᠤᠷᠠᠯ ᠳᠤ ᠣᠷᠣᠯᠴᠠᠪᠠ᠃ ᠲᠣᠪᠴᠢᠶᠠᠨ ᠳᠠᠷᠤᠭ᠎ᠠ ᠵᠠᠩ ᠬᠠᠢ ᠱᠦᠨ᠂ ᠵᠣᠷᠭᠠᠨ ᠤ ᠳᠡᠳ᠋ ᠳᠠᠷᠤᠭ᠎ᠠ ᠵᠸᠦ ᠵᠢᠦᠢ | ᠸᠧᠨ᠂ ᠲᠢᠩᠬᠢᠮ ᠤᠨ ᠳᠡᠳ᠋ ᠳᠠᠷᠤᠭ᠎ᠠ ᠡᠦ ᠰᠦ᠋ ᠬᠠᠶ ᠲᠤᠰ ᠲᠤᠰ ᠴᠢᠬᠤᠯᠠ ᠶᠠᠷᠢᠶ᠎ᠠ ᠲᠠᠯᠪᠢᠵᠠᠶ︔ ᠲᠣᠭᠤᠷᠢᠨ | ᠪᠠᠶᠢᠴᠠᠭᠠᠭᠴᠢ ᠨᠠ ᠿᠢ ᠱᠠ ᠬᠥᠬᠢᠭᠦᠯᠦᠨ ᠰᠠᠶᠢᠰᠢᠶᠠᠬᠤ ᠮᠡᠳᠡᠭᠳᠡᠯ ᠢ ᠤᠩᠰᠢᠪᠠ︔ ᠶᠡᠷᠦᠩᠬᠡᠢ ᠢᠨᠵᠧᠨᠧᠷ ᠹᠸᠡᠭ | ᠶᠧ ᠠᠵᠢᠯ ᠤᠨ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠮᠡᠷᠭᠡᠵᠢᠯ ᠤᠨ ᠬᠢᠨᠠᠯᠲᠠ | ᠲᠠᠯᠪᠢᠬᠤ ᠲᠣᠪᠴᠢᠶ᠎ᠠ ᠪᠠᠶᠢᠭᠤᠯᠭ᠎ᠠ ᠶᠢᠨ ᠪᠦᠬᠦ ᠠᠵᠢᠯᠲᠠᠨ᠂ ᠬᠥᠬᠡᠬᠤᠲᠠ ᠳᠤ ᠰᠠᠭᠤᠭ᠎ᠠ ᠰᠢᠭᠤᠳ ᠬᠠᠷᠢᠶ᠎ᠠ | ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ | ᠤᠳᠤᠷᠢᠳᠬᠤ ᠪᠠᠭ ᠤᠨ ᠪᠦᠷᠢᠯᠳᠦᠬᠦᠨ᠂ ᠱᠠᠩᠨᠠᠯ ᠣᠯᠤᠭᠰᠠᠨ ᠨᠢᠭᠡᠴᠡ ᠶᠢᠨ ᠲᠥᠯᠥᠭᠡᠯᠡᠭᠴᠢ ᠪᠠ ᠱᠠᠩᠨᠠᠯ | ᠣᠯᠤᠭᠰᠠᠨ ᠬᠤᠪᠢ ᠬᠥᠮᠦᠨ ᠭᠤᠣᠯ ᠲᠠᠯᠠᠪᠠᠢ ᠶᠢᠨ ᠬᠤᠷᠠᠯ ᠳᠤ ᠣᠷᠣᠯᠴᠠᠪᠠ︔ ᠡᠯ᠎ᠡ ᠠᠶᠢᠮᠠᠭ ᠬᠤᠲᠠ ᠶᠢᠨ ᠶᠠᠰᠤ | ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ︵ᠵᠥᠪᠯᠡᠯ︶ ᠪᠠᠶᠢᠭᠤᠯᠭ᠎ᠠ ᠶᠢᠨ ᠪᠦᠬᠦ ᠺᠠᠳ᠋ᠷ᠂ ᠡᠯ᠎ᠡ ᠠᠶᠢᠮᠠᠭ ᠬᠤᠲᠠ ᠶᠢᠨ ᠦᠢᠯᠡᠳᠬᠦᠨ ᠤ ᠶᠠᠰᠤ | ᠴᠢᠨᠠᠷ ᠢ ᠬᠡᠮᠵᠢᠬᠦ ᠰᠢᠯᠭᠠᠨ ᠪᠠᠶᠢᠴᠠᠭᠠᠬᠤ ᠭᠠᠵᠠᠷ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠰᠢᠯᠭᠠᠨ | ᠪᠠᠶᠢᠴᠠᠭᠠᠬᠤ ᠭᠠᠵᠠᠷ ᠤᠨ ᠤᠳᠤᠷᠢᠳᠬᠤ ᠪᠠᠭ ᠤᠨ ᠪᠦᠷᠢᠯᠳᠦᠬᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠰᠠᠯᠠᠭ᠎ᠠ | ᠮᠥᠴᠢᠷ ᠤᠨ ᠠᠵᠢᠯᠳᠠᠨ ᠨᠠᠷ ᠡᠯ᠎ᠡ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠣᠷᠣᠯᠴᠠᠵᠠᠶ᠃ ᠳᠡᠳ᠋ | ᠲᠤᠪᠴᠢᠶᠠᠨ ᠳᠠᠷᠤᠭ᠎ᠠ ᠵᠠᠩ ᠯᠢ ᠵᠦᠩ ᠬᠤᠷᠠᠯ ᠡᠷᠬᠢᠯᠡᠪᠡ᠃ | ᠶᠡᠭᠡ ᠬᠤᠷᠠᠯ ᠠᠴᠠ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠰᠢᠰᠲ᠋ᠧᠮ ᠤᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠢᠨᠠᠨ ᠪᠠᠶᠢᠴᠠᠭᠠᠯᠲᠠ ᠶᠢ ᠮᠠᠨᠳᠤᠭᠤᠯᠬᠤ ᠱᠠᠩᠨᠠᠯ︾ ᠢ | ᠣᠯᠤᠭᠰᠠᠨ ᠨᠢᠭᠡᠴᠡ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠡᠷᠢᠭᠦᠨ ᠤ | ᠬᠠᠮᠲᠤ ᠪᠣᠯᠤᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ | ᠬᠤᠷᠠᠯ ᠳᠡᠭᠡᠷ᠎ᠡ᠂ ᠥᠪᠥᠷ ᠮᠣᠩᠭᠤᠯ ᠤᠨ ᠬᠡᠮᠵᠢᠨ ᠰᠢᠯᠭᠠᠬᠤ ᠰᠤᠳᠤᠯᠭᠠᠨ ᠤ ᠬᠦᠷᠢᠶᠡᠯᠡᠩ᠂ ᠣᠷᠳᠣᠰ | ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠥᠪᠥᠷ ᠮᠣᠩᠭᠤᠯ ᠤᠨ ᠰᠢᠷᠬᠡᠭᠯᠡᠭ | ᠰᠢᠯᠭᠠᠨ ᠪᠠᠶᠢᠴᠠᠭᠠᠬᠤ ᠲᠣᠪᠴᠢᠶ᠎ᠠ᠂ ᠲᠦᠩᠯᠢᠶᠣᠤ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠤᠰ ᠲᠤᠰ ᠲᠤᠷᠰᠢᠯᠭ᠎ᠠ ᠰᠣᠯᠢᠯᠴᠠᠬᠤ ᠶᠠᠷᠢᠶ᠎ᠠ | ᠲᠠᠯᠪᠢᠪᠠ᠃ |