| | | 7 ᠳ᠋ᠤᠭᠠᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠶᠢᠨ ᠬᠠᠮᠢᠶᠠᠷᠤᠯᠲᠠ ᠶᠢᠨ ᠲᠥᠪ ᠠᠴᠠ ᠬᠤᠶᠠᠷ ᠡᠳᠦᠷ ᠤᠨ ᠬᠤᠭᠤᠴᠠᠭ᠎ᠠ ᠲᠠᠢ 2016 ᠣᠨ ᠤ | ᠳᠡᠭᠡᠷ᠎ᠡ ᠬᠠᠭᠠᠰ ᠵᠢᠯ ᠤᠨ ᠪᠥᠬᠦ ᠣᠷᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠵᠠᠬ᠎ᠠ | ᠳᠡᠯᠭᠡᠭᠦᠷ ᠤᠨ ᠪᠠᠶᠢᠳᠠᠯ ᠤᠨ ᠵᠠᠳᠠᠯᠤᠯᠲᠠ ᠪᠣᠯᠤᠨ ᠪᠦᠲᠦᠴᠡᠲᠦ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠪᠠ᠃ ᠬᠤᠷᠠᠯᠳᠤᠭᠠᠨ ᠨᠢ 2016 ᠣᠨ ᠤ ᠪᠦᠬᠦ ᠣᠷᠣᠨ ᠤ ᠪᠡᠶ᠎ᠡ ᠶᠢᠨ ᠲᠠᠮᠢᠷ ᠤᠨ | ᠱᠠᠩᠨᠠᠯᠲᠤ ᠰᠤᠭᠤᠯᠤᠭ᠎ᠠ ᠶᠢᠨ ᠵᠠᠬ᠎ᠠ ᠳᠡᠯᠭᠡᠭᠦᠷ ᠤᠨ ᠪᠠᠶᠢᠳᠠᠯ ᠳᠤ ᠵᠠᠳᠠᠯᠤᠯᠲᠠ ᠬᠢᠬᠦ ᠪᠠ ᠳᠣᠣᠷ᠎ᠠ ᠬᠠᠭᠠᠰ ᠵᠢᠯ ᠤᠨ | ᠠᠵᠢᠯ ᠢ ᠪᠠᠶᠢᠷᠢᠯᠠᠭᠤᠯᠬᠤ ᠪᠠᠷ ᠭᠤᠣᠯ ᠠᠭᠤᠯᠭ᠎ᠠ ᠪᠠᠨ ᠪᠣᠯᠭᠠᠭᠰᠠᠨ ᠤ ᠬᠠᠮᠲᠤ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠶᠢᠨ ᠠᠵᠢᠯ ᠤᠨ ᠪᠥᠲᠦᠴᠡᠲᠤ ᠰᠤᠳᠤᠯᠤᠨ ᠶᠠᠷᠢᠯᠴᠠᠬᠤ ᠵᠠᠩᠭᠢᠯᠠᠭ᠎ᠠ ᠶᠢ ᠲᠣᠬᠢᠷᠠᠭᠤᠯᠪᠠ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠡᠦ ᠭᠠᠩ᠂ ᠠᠵᠤ | ᠠᠬᠤᠶ ᠶᠢᠨ ᠭᠠᠵᠠᠷ ᠤᠨ ᠳᠠᠷᠤᠭ᠎ᠠ ᠸᠠᠩ ᠴᠥᠨ ᠶᠠᠨ ᠪᠣᠯᠣᠨ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ | ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠲᠥᠪ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠪᠦᠬᠦ | ᠣᠷᠣᠨ ᠤ 14 ᠠᠶᠢᠮᠠᠭ ᠬᠤᠳᠠ ᠶᠢᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠤᠪᠢᠶᠠᠷᠢ ᠲᠥᠪ ᠤᠨ | ᠡᠷᠬᠢᠯᠡᠭᠴᠢ ᠪᠣᠯᠤᠨ ᠬᠠᠮᠢᠶ᠎ᠠ ᠪᠦᠬᠦᠢ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠲᠥᠪ ᠤᠨ ᠬᠠᠮᠢᠶ᠎ᠠ ᠪᠦᠬᠦᠢ ᠠᠵᠢᠯᠲᠠᠨ ᠬᠤᠷᠠᠯ ᠳᠤ ᠣᠷᠣᠯᠴᠠᠵᠠᠶ᠃ | | ᠲᠣᠬᠢᠶᠠᠯᠳᠤᠮᠵᠢ ᠶᠢᠨ ᠰᠤᠭᠤᠯᠤᠭ᠎ᠠ ᠶᠢᠨ ᠬᠡᠯᠲᠡᠰ᠂ ᠰᠤᠭᠤᠯᠤᠭ᠎ᠠ ᠨᠡᠭᠡᠭᠡᠬᠦ ᠬᠡᠯᠲᠡᠰ᠂ | ᠰᠤᠭᠤᠯᠤᠭ᠎ᠠ ᠥᠷᠢᠰᠥᠯᠳᠦᠨ ᠲᠠᠭᠠᠮᠠᠭᠯᠠᠬᠤ ᠬᠡᠯᠲᠡᠰ᠂ ᠵᠠᠬ᠎ᠠ ᠳᠡᠯᠭᠡᠭᠦᠷ ᠤᠨ ᠬᠡᠯᠲᠡᠰ᠂ ᠤᠬᠠᠭᠤᠯᠬᠤ ᠬᠡᠯᠲᠡᠰ ᠲᠤᠭ᠎ᠠ | ᠪᠠᠷᠢᠮᠲᠠ ᠶᠢᠨ ᠵᠠᠳᠠᠯᠤᠯᠲᠠ ᠶᠢᠨ ᠬᠡᠯᠪᠡᠷᠢ ᠪᠠᠷ ᠳᠡᠭᠡᠷ᠎ᠡ ᠬᠠᠭᠠᠰ ᠤᠨ ᠠᠵᠢᠯ ᠢ ᠳ᠋ᠦᠩᠨᠡᠭᠰᠡᠨ ᠤ ᠬᠠᠮᠲᠤ ᠳᠣᠣᠷ᠎ᠠ | ᠬᠠᠭᠠᠰ ᠵᠢᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠢ ᠪᠠᠶᠢᠷᠢᠯᠠᠭᠤᠯᠪᠠ᠃ ᠬᠢᠩᠭᠠᠨ ᠠᠶᠢᠮᠠᠭ ᠤᠨ | ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠤᠪᠢᠶᠠᠷᠢ ᠲᠥᠪ᠂ ᠪᠤᠭᠤᠲᠤ ᠬᠤᠳᠠ ᠶᠢᠨ ᠪᠡᠶ᠎ᠡ ᠶᠢᠨ | ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠰᠠᠯᠪᠤᠷᠢ ᠲᠥᠪ ᠠᠴᠠ ᠬᠢᠩᠭᠠᠨ ᠠᠶᠢᠮᠠᠭ ᠤᠨ ᠮᠠᠯᠵᠢᠬᠤ ᠲᠠᠷᠢᠶᠠᠯᠠᠬᠤ | ᠣᠷᠣᠨ ᠤ ᠠᠷᠭ᠎ᠠ ᠵᠠᠮ ᠤᠨ ᠪᠠᠶᠢᠭᠤᠯᠤᠯᠲᠠ ᠪᠣᠯᠤᠨ ᠪᠤᠭᠤᠲᠤ ᠬᠤᠲᠠ ᠶᠢᠨ ᠥᠷᠢᠰᠥᠯᠳᠦᠨ ᠲᠠᠭᠠᠮᠠᠭᠯᠠᠬᠤ | ᠠᠵᠢᠯ ᠤᠨ ᠬᠥᠭᠵᠢᠯᠲᠡ ᠶᠢᠨ ᠪᠠᠶᠢᠳᠠᠯ ᠤᠨ ᠲᠠᠯ᠎ᠠ ᠪᠠᠷ ᠲᠤᠷᠰᠢᠯᠭ᠎ᠠ ᠢᠶᠠᠨ ᠰᠣᠯᠢᠯᠴᠠᠪᠠ᠃ | ᠲᠤᠰ ᠤᠳᠠᠭᠠᠨ ᠤ ᠬᠤᠷᠠᠯ ᠨᠢ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ | ᠬᠠᠮᠢᠶᠠᠷᠤᠯᠲᠠ ᠶᠢᠨ ᠲᠥᠪ ᠤᠨ ᠠᠩᠬ᠎ᠠ ᠤᠳᠠᠭ᠎ᠠ ︽ᠪᠥᠲᠦᠴᠡᠲᠤ ᠰᠤᠳᠤᠯᠤᠨ ᠶᠠᠷᠢᠯᠴᠠᠬᠤ︾ ᠵᠠᠭᠪᠤᠷ ᠢᠶᠠᠷ ᠬᠢᠭᠰᠡᠨ | ᠪᠦᠬᠦ ᠣᠷᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠬᠤᠷᠠᠯ ᠪᠣᠯᠣᠨ᠎ᠠ᠂ ︽ᠠᠷᠭ᠎ᠠ︾ ᠶᠢ ᠰᠣᠳᠣᠯᠠᠬᠤ ︽ | ᠮᠡᠷᠭᠡᠵᠢᠯ︾ ᠢ ᠵᠠᠳᠠᠯᠬᠤ ᠶᠢ ᠪᠠᠷᠢᠮᠲᠠᠯᠠᠨ᠂ ᠰᠣᠳᠣᠯᠠᠭᠰᠠᠨ ᠣᠨᠣᠯᠵᠢᠬᠤᠨ ᠢᠶᠠᠨ ᠦᠢᠯᠡᠳᠦᠯᠭᠡ ᠲᠠᠢ ᠤᠶᠠᠯᠳᠤᠭᠤᠯᠵᠤ | ᠪᠦᠬᠦ᠋ᠢᠯᠡ ᠶᠠᠷᠢᠯᠴᠠᠬᠤ ᠬᠤᠷᠠᠯ ᠨᠢ ᠬᠦᠰᠡᠭᠰᠡᠨ ᠦᠷ᠎ᠡ ᠳ᠋ᠦᠩ ᠳᠡᠭᠡᠨ ᠬᠦᠷᠪᠡ᠃ | 2016 ᠣᠨ ᠨᠢ ︽13 · 5︾ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠤᠨ ᠬᠤᠪᠢ ᠪᠠᠷ | ᠬᠠᠭᠠᠰ ᠵᠢᠯ ᠨᠢ ᠥᠩᠭᠡᠷᠡᠵᠦ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠨᠢ ᠪᠦᠬᠦᠯᠢ | ᠴᠣᠭᠴᠠ ᠪᠠᠷ 23.19 ᠳ᠋ᠦᠩᠰᠢᠭᠤᠷ ᠲᠥᠭᠦᠷᠢᠭ ᠪᠣᠷᠣᠯᠠᠭᠤᠯᠵᠤ᠂ 18.15 % ᠪᠠᠷ ᠨᠡᠮᠡᠭᠳᠡᠭᠰᠡᠨ ᠠᠮᠵᠢᠯᠲᠠ | ᠪᠠᠷ ᠳᠡᠭᠡᠷ᠎ᠡ ᠬᠠᠭᠠᠰ ᠵᠢᠯ ᠤᠨ ᠠᠵᠢᠯ ᠢᠶᠠᠨ ᠳᠠᠭᠤᠰᠬᠠᠪᠠ᠃ ᠰᠢᠨ᠎ᠡ ᠡᠬᠢᠯᠡᠯᠲᠡ ᠠᠴᠠ ᠭᠠᠷᠲᠠᠵᠤ᠂ ᠥᠪᠥᠷ | ᠮᠣᠩᠭᠤᠯ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠠᠵᠢᠯᠲᠠᠨ ᠢᠳᠡᠪᠬᠢᠲᠡᠶ ᠪᠥᠭᠡᠳ ᠬᠢᠨᠠᠮᠠᠭᠠᠶ | ᠣᠪᠣᠷ ᠢᠶᠠᠷ ᠳᠣᠣᠷ᠎ᠠ ᠬᠠᠭᠠᠰ ᠵᠢᠯ ᠤᠨ ᠡᠯ᠎ᠡ ᠵᠦᠢᠯ ᠤᠨ ᠠᠵᠢᠯ ᠢᠶᠠᠨ ᠡᠮᠬᠢ ᠵᠢᠷᠤᠮ ᠲᠠᠢ ᠪᠠᠷ ᠥᠷᠨᠢᠭᠦᠯᠵᠦ᠂ | ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠵᠠᠬ᠎ᠠ ᠳᠡᠯᠭᠡᠭᠦᠷ ᠢ ᠪᠦᠬᠦ ᠲᠠᠯ᠎ᠠ ᠪᠠᠷ | ᠨᠡᠭᠡᠭᠡᠵᠦ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠷᠡᠳᠥ ᠲᠡᠮᠳᠡᠭ ᠤᠨ ᠲᠥᠷᠢ ᠲᠥᠷᠬᠦ ᠶᠢ ᠪᠤᠢ | ᠪᠣᠯᠭᠠᠬᠤ ᠪᠣᠯᠣᠨ᠎ᠠ᠃ |