8 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠥᠬᠡᠬᠤᠲᠠ ᠲᠡᠮᠦᠷ ᠵᠠᠮ ᠤᠨ ᠲᠣᠪᠴᠢᠶ᠎ᠠ 52 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2016/8/2
      8 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠥᠬᠡᠬᠤᠲᠠ ᠲᠡᠮᠦᠷ ᠵᠠᠮ ᠤᠨ ᠲᠣᠪᠴᠢᠶ᠎ᠠ ᠰᠢᠨ᠎ᠡ ᠠᠶᠠᠯᠠᠯ ᠤᠨ ᠵᠢᠷᠤᠭ ᠢ ᠵᠢᠩᠬᠢᠨᠢ ᠪᠠᠷ ᠬᠡᠷᠡᠭᠵᠢᠭᠦᠯᠵᠦ᠂ ᠡᠨᠡ ᠤᠳᠠᠭᠠᠨ ᠤ ᠲᠣᠬᠢᠷᠠᠭᠤᠯᠤᠭᠰᠠᠨ ᠵᠢᠷᠤᠭ ᠲᠤ ᠨᠡᠶᠢᠲᠡ 52 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ ᠶᠢ ᠲᠣᠬᠢᠷᠠᠭᠤᠯᠪᠠ᠃      ᠡᠭᠦᠨ ᠳᠤ᠂ 1 ᠬᠤᠣᠰ ᠰᠢᠭᠤᠳ ᠬᠦ᠋ᠷᠬᠦ ᠠᠶᠠᠨᠴᠢᠳ ᠤᠨ ᠭᠠᠯᠲᠤ ᠲᠡᠷᠭᠡ᠂ 12 ᠬᠠᠷᠢᠶᠠᠨ ᠳᠠᠬᠢ ᠬᠦᠢᠲᠠᠯᠭᠡᠭᠦᠷᠲᠤ ᠭᠠᠯᠲᠤ ᠲᠡᠷᠭᠡ ᠶᠢᠨ ᠠᠶᠠᠯᠠᠯ ᠤᠨ ᠣᠷᠣᠨ ᠬᠡᠰᠡᠭ ᠢ ᠲᠣᠬᠢᠷᠠᠭᠤᠯᠪᠠ᠃ ᠬᠥᠬᠡᠬᠤᠲᠠ ᠵᠡᠭᠦᠨ ᠥᠷᠲᠡᠭᠡ ᠠᠴᠠ ᠯᠠᠨᠵᠧᠦ ᠪᠠᠷᠠᠭᠤᠨ ᠥᠷᠲᠡᠭᠡ ᠬᠦᠷᠬᠦ 2635/6 ᠤᠳᠠᠭᠠᠨ ᠤ ᠠᠶᠠᠨᠴᠢᠳ ᠤᠨ ᠭᠠᠯᠲᠤ ᠲᠡᠷᠭᠡ᠂ ᠬᠥᠬᠡᠬᠤᠲᠠ ᠵᠡᠭᠦᠨ ᠥᠷᠲᠡᠭᠡ ᠠᠴᠠ ᠪᠤᠭᠤᠲᠤ ᠬᠦᠷᠬᠦ D6755᠂ D6757᠂ D6759᠂ D6761᠂ D6763᠂ D6765 ᠤᠳᠠᠭᠠᠨ ᠤ ᠬᠥᠳᠡᠯᠭᠡᠭᠦᠷᠲᠦ ᠭᠠᠯᠲᠤ ᠲᠡᠷᠭᠡᠨ ᠤ ᠪᠥᠯᠥᠭ᠂ ᠪᠤᠭᠤᠲᠤ ᠠᠴᠠ ᠬᠥᠬᠡᠬᠤᠲᠠ ᠵᠡᠭᠦᠨ ᠥᠷᠲᠡᠭᠡ ᠬᠦᠷᠬᠦ D6752᠂ D6754᠂ D6756᠂ D6758᠂ D6760᠂ D6762  ᠤᠳᠠᠭᠠᠨ ᠤ ᠬᠥᠳᠡᠯᠭᠡᠭᠦᠷᠲᠦ ᠭᠠᠯᠲᠤ ᠲᠡᠷᠭᠡᠨ ᠤ ᠪᠥᠯᠥᠭ ᠤᠨ ᠠᠶᠠᠯᠠᠯ ᠤᠨ ᠣᠷᠣᠨ ᠬᠡᠰᠡᠭ ᠢ ᠪᠦᠬᠦᠨ ᠢ ᠬᠥᠬᠡᠬᠤᠲᠠ ᠵᠡᠭᠦᠨ ᠦᠷᠲᠡᠭᠡ ᠠᠴᠠ ᠨᠢ ᠬᠥᠬᠡᠬᠤᠲᠠ ᠥᠷᠲᠡᠭᠡ ᠪᠣᠯᠭᠠᠨ ᠥᠭᠡᠷᠡᠴᠢᠯᠡᠪᠡ᠃      ᠡᠨᠡ ᠤᠳᠠᠭᠠᠨ ᠤ ᠲᠣᠬᠢᠷᠠᠭᠤᠯᠤᠭᠰᠠᠨ ᠵᠢᠷᠤᠭ ᠲᠤ ᠪᠠᠰᠠ 7 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ ᠶᠢᠨ ᠵᠣᠭᠰᠣᠭᠠᠯ ᠢ ᠲᠣᠬᠢᠷᠠᠭᠤᠯᠪᠠ᠃ ᠪᠤᠭᠤᠲᠤ ᠠᠴᠠ ᠪᠡᠭᠡᠵᠢᠩ ᠬᠦᠷᠬᠦ K264/3 ᠤᠳᠠᠭᠠᠨ ᠤ ᠠᠶᠠᠨᠴᠢᠳ ᠤᠨ ᠭᠠᠯᠲᠤ ᠲᠡᠷᠭᠡ᠂ ᠦᠬᠠᠶ ᠪᠠᠷᠠᠭᠤᠨ ᠥᠷᠲᠡᠭᠡ ᠠᠴᠠ ᠪᠡᠭᠡᠵᠢᠩ ᠬᠤᠶᠢᠲᠤ ᠥᠷᠲᠡᠭᠡ ᠬᠦᠷᠬᠦ K1596/5 ᠤᠳᠠᠭᠠᠨ ᠤ ᠠᠶᠠᠨᠴᠢᠳ ᠤᠨ ᠭᠠᠯᠲᠤ ᠲᠡᠷᠭᠡ᠂ ᠨᠥᠬᠦᠷᠯᠡᠯ ᠴᠥᠭᠦᠷᠥᠮ ᠠᠴᠠ ᠪᠤᠭᠤᠲᠤ ᠬᠦᠷᠬᠦ K7931ᠤᠳᠠᠭᠠᠨ ᠤ ᠠᠶᠠᠨᠴᠢᠳ ᠤᠨ ᠭᠠᠯᠲᠤ ᠲᠡᠷᠭᠡ᠂ ᠪᠤᠭᠤᠲᠤ ᠠᠴᠠ ᠨᠠᠨᠨᠢᠩ ᠬᠦᠷᠬᠦ Z338/7/6/5 ᠤᠳᠠᠭᠠᠨ ᠤ ᠠᠶᠠᠨᠴᠢᠳ ᠤᠨ ᠭᠠᠯᠲᠤ ᠲᠡᠷᠭᠡ ᠶᠢᠨ ᠬᠥᠬᠡᠬᠤᠲᠠ ᠵᠡᠭᠦᠨ ᠦᠷᠲᠡᠭᠡ ᠳᠤ ᠵᠣᠭᠰᠤᠬᠤ ᠶᠢ ᠬᠠᠰᠤᠪᠠ᠂ ᠡᠭᠦᠨ ᠳᠤ ᠪᠤᠭᠤᠲᠤ ᠠᠴᠠ ᠨᠠᠨᠨᠢᠩ ᠬᠦᠷᠬᠦ Z338/7/6/5 ᠤᠳᠠᠭᠠᠨ ᠤ ᠠᠶᠠᠨᠴᠢᠳ ᠤᠨ ᠭᠠᠯᠲᠤ ᠲᠡᠷᠭᠡ ᠶᠢ ᠰᠢᠨ᠎ᠡ ᠪᠠᠷ ᠬᠥᠬᠡᠬᠤᠲᠠ ᠥᠷᠲᠡᠭᠡ ᠳᠤ ᠵᠣᠭᠰᠤᠭᠠᠬᠤ ᠪᠣᠯᠭᠠᠪᠠ᠃      ᠡᠭᠦᠨ ᠠᠴᠠ ᠭᠠᠳᠠᠨ᠎ᠠ᠂ 52 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ ᠶᠢᠨ ᠠᠶᠠᠨᠴᠢᠳ ᠤᠨ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠭᠦᠢᠴᠡᠳᠬᠡᠬᠦ ᠵᠣᠭᠰᠣᠭᠠᠯ ᠤᠨ ᠴᠠᠭ ᠮᠥᠴᠡ ᠶᠢ ᠲᠣᠬᠢᠷᠠᠭᠤᠯᠪᠠ᠃ ᠭᠤᠣᠯᠳᠠᠭᠤ ᠦᠷᠦᠮᠴᠢ ᠡᠮᠦᠨᠡᠲᠦ ᠥᠷᠲᠡᠭᠡ ᠠᠴᠠ ᠪᠡᠭᠡᠵᠢᠩ ᠬᠦᠷᠬᠦ Z180 ᠤᠳᠠᠭ᠎ᠠ᠂ ᠪᠤᠭᠤᠲᠤ ᠠᠴᠠ ᠪᠡᠭᠡᠵᠢᠩ ᠬᠦᠷᠬᠦ K263 ᠤᠳᠠᠭ᠎ᠠ ᠵᠡᠷᠭᠡ 52 ᠤᠳᠠᠭ᠎ᠠ ᠶᠢᠨ ᠠᠶᠠᠨᠴᠢᠳ ᠤᠨ ᠭᠠᠯᠲᠤ ᠲᠡᠷᠭᠡ ᠪᠣᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号