2016 ᠣᠨ ᠤ ᠪᠥᠬᠦ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2016/8/2
    7 ᠳ᠋ᠤᠭᠠᠷ ᠰᠠᠷ᠎ᠠ ᠶᠢᠨ 29 ᠤ ᠦᠳᠡ ᠶᠢᠨ ᠡᠮᠦᠨ᠎ᠡ᠂ 2016 ᠣᠨ ᠤ ᠪᠦᠬᠦ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠬᠤᠷᠠᠯ ᠬᠥᠬᠡᠬᠤᠲᠠ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠡᠨᠡ ᠤᠳᠠᠭᠠᠨ ᠤ ᠶᠡᠭᠡ ᠬᠤᠷᠠᠯ ᠤᠨ ᠭᠤᠣᠯ ᠡᠭᠦᠷᠭᠡ ᠪᠣᠯ ᠄ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠬᠤᠷᠠᠯ᠂ ᠤᠯᠤᠰ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠳ᠋ᠦᠩᠨᠡᠨ ᠪᠠᠶᠢᠷᠢᠯᠠᠭᠤᠯᠬᠤ ᠪᠤᠯᠤᠨ᠎ᠠ᠃ ᠤᠯᠤᠰ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ ᠤ ᠳᠡᠳ᠋ ᠳᠠᠷᠤᠭ᠎ᠠ ᠵᠧᠦ ᠵᠢᠦᠢ ᠸᠧᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠡᠳ᠋ ᠳᠠᠷᠤᠭ᠎ᠠ ᠡᠦ ᠰᠦ᠋ ᠬᠠᠶ ᠵᠢᠴᠢ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠤᠳᠤᠷᠢᠳᠤᠯᠭ᠎ᠠ ᠵᠠᠩ ᠬᠠᠢ ᠱᠦᠨ᠂ ᠯᠢᠦ ᠪᠦᠸᠧ᠂ ᠵᠠᠩ ᠯᠢ ᠵᠦᠩ᠂ ᠯᠢᠦᠶ ᠶᠢᠨ ᠬᠤᠸᠠ᠂ ᠹᠧᠩ ᠶᠧ᠂ ᠨᠠ ᠿᠢ ᠱᠠ᠂ ᠡᠦ ᠯᠦ ᠰᠢ ᠨᠠᠷ ᠬᠤᠷᠠᠯ ᠳᠤ ᠣᠷᠣᠯᠴᠠᠪᠠ᠃ ᠲᠣᠪᠴᠢᠶᠠᠨ ᠳᠠᠷᠤᠭ᠎ᠠ ᠵᠠᠩ ᠬᠠᠢ ᠱᠦᠨ᠂ ᠵᠣᠷᠭᠠᠨ ᠤ ᠳᠡᠳ᠋ ᠳᠠᠷᠤᠭ᠎ᠠ ᠵᠸᠦ ᠵᠢᠦᠢ ᠸᠧᠨ᠂ ᠲᠢᠩᠬᠢᠮ ᠤᠨ ᠳᠡᠳ᠋ ᠳᠠᠷᠤᠭ᠎ᠠ ᠡᠦ ᠰᠦ᠋ ᠬᠠᠶ ᠲᠤᠰ ᠲᠤᠰ ᠴᠢᠬᠤᠯᠠ ᠶᠠᠷᠢᠶ᠎ᠠ ᠲᠠᠯᠪᠢᠵᠠᠶ︔ ᠲᠣᠭᠤᠷᠢᠨ ᠪᠠᠶᠢᠴᠠᠭᠠᠭᠴᠢ ᠨᠠ ᠿᠢ ᠱᠠ ᠬᠥᠬᠢᠭᠦᠯᠦᠨ ᠰᠠᠶᠢᠰᠢᠶᠠᠬᠤ ᠮᠡᠳᠡᠭᠳᠡᠯ ᠢ ᠤᠩᠰᠢᠪᠠ︔ ᠶᠡᠷᠦᠩᠬᠡᠢ ᠢᠨᠵᠧᠨᠧᠷ ᠹᠸᠡᠭ ᠶᠧ ᠠᠵᠢᠯ ᠤᠨ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠪᠠᠶᠢᠭᠤᠯᠭ᠎ᠠ ᠶᠢᠨ ᠪᠦᠬᠦ ᠠᠵᠢᠯᠲᠠᠨ᠂ ᠬᠥᠬᠡᠬᠤᠲᠠ ᠳᠤ ᠰᠠᠭᠤᠭ᠎ᠠ ᠰᠢᠭᠤᠳ ᠬᠠᠷᠢᠶ᠎ᠠ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠱᠠᠩᠨᠠᠯ ᠣᠯᠤᠭᠰᠠᠨ ᠨᠢᠭᠡᠴᠡ ᠶᠢᠨ ᠲᠥᠯᠥᠭᠡᠯᠡᠭᠴᠢ ᠪᠠ ᠱᠠᠩᠨᠠᠯ ᠣᠯᠤᠭᠰᠠᠨ ᠬᠤᠪᠢ ᠬᠥᠮᠦᠨ ᠭᠤᠣᠯ ᠲᠠᠯᠠᠪᠠᠢ ᠶᠢᠨ ᠬᠤᠷᠠᠯ ᠳᠤ ᠣᠷᠣᠯᠴᠠᠪᠠ︔ ᠡᠯ᠎ᠡ ᠠᠶᠢᠮᠠᠭ ᠬᠤᠲᠠ ᠶᠢᠨ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠵᠥᠪᠯᠡᠯ︶ ᠪᠠᠶᠢᠭᠤᠯᠭ᠎ᠠ ᠶᠢᠨ ᠪᠦᠬᠦ ᠺᠠᠳ᠋ᠷ᠂ ᠡᠯ᠎ᠡ ᠠᠶᠢᠮᠠᠭ ᠬᠤᠲᠠ ᠶᠢᠨ ᠦᠢᠯᠡᠳᠬᠦᠨ ᠤ ᠶᠠᠰᠤ ᠴᠢᠨᠠᠷ ᠢ ᠬᠡᠮᠵᠢᠬᠦ ᠰᠢᠯᠭᠠᠨ ᠪᠠᠶᠢᠴᠠᠭᠠᠬᠤ ᠭᠠᠵᠠᠷ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠭᠠᠵᠠᠷ ᠤᠨ ᠤᠳᠤᠷᠢᠳᠬᠤ ᠪᠠᠭ ᠤᠨ ᠪᠦᠷᠢᠯᠳᠦᠬᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠰᠠᠯᠠᠭ᠎ᠠ ᠮᠥᠴᠢᠷ ᠤᠨ ᠠᠵᠢᠯᠳᠠᠨ ᠨᠠᠷ ᠡᠯ᠎ᠡ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠣᠷᠣᠯᠴᠠᠵᠠᠶ᠃ ᠳᠡᠳ᠋ ᠲᠤᠪᠴᠢᠶᠠᠨ ᠳᠠᠷᠤᠭ᠎ᠠ ᠵᠠᠩ ᠯᠢ ᠵᠦᠩ ᠬᠤᠷᠠᠯ ᠡᠷᠬᠢᠯᠡᠪᠡ᠃      ᠶᠡᠭᠡ ᠬᠤᠷᠠᠯ ᠠᠴᠠ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠢᠰᠲ᠋ᠧᠮ ᠤᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠢᠨᠠᠨ ᠪᠠᠶᠢᠴᠠᠭᠠᠯᠲᠠ ᠶᠢ ᠮᠠᠨᠳᠤᠭᠤᠯᠬᠤ ᠱᠠᠩᠨᠠᠯ︾ ᠢ ᠣᠯᠤᠭᠰᠠᠨ ᠨᠢᠭᠡᠴᠡ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠡᠷᠢᠭᠦᠨ ᠤ ᠬᠠᠮᠲᠤ ᠪᠣᠯᠤᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃      ᠬᠤᠷᠠᠯ ᠳᠡᠭᠡᠷ᠎ᠡ᠂ ᠥᠪᠥᠷ ᠮᠣᠩᠭᠤᠯ ᠤᠨ ᠬᠡᠮᠵᠢᠨ ᠰᠢᠯᠭᠠᠬᠤ ᠰᠤᠳᠤᠯᠭᠠᠨ ᠤ ᠬᠦᠷᠢᠶᠡᠯᠡᠩ᠂ ᠣᠷᠳᠣᠰ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠥᠪᠥᠷ ᠮᠣᠩᠭᠤᠯ ᠤᠨ ᠰᠢᠷᠬᠡᠭᠯᠡᠭ ᠰᠢᠯᠭᠠᠨ ᠪᠠᠶᠢᠴᠠᠭᠠᠬᠤ ᠲᠣᠪᠴᠢᠶ᠎ᠠ᠂ ᠲᠦᠩᠯᠢᠶᠣᠤ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠤᠰ ᠲᠤᠰ ᠲᠤᠷᠰᠢᠯᠭ᠎ᠠ ᠰᠣᠯᠢᠯᠴᠠᠬᠤ ᠶᠠᠷᠢᠶ᠎ᠠ ᠲᠠᠯᠪᠢᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号