8 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠪᠦᠬᠦ ᠤᠷᠤᠨ ᠤ ᠤᠰᠤᠨ | ᠠᠰᠢᠬᠯᠠᠯᠳᠠ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠬᠤᠷᠠᠯ ᠬᠦᠬᠡᠬᠤᠳᠠ ᠳᠤ ᠬᠤᠷᠠᠯᠳᠤᠨ᠂ | ᠪᠦᠬᠦ ᠤᠯᠤᠰ ᠤᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠶᠡᠭᠡ ᠬᠤᠷᠠᠯ ᠤᠨ ᠵᠤᠷᠢᠭ ᠰᠠᠨᠠᠭ᠎ᠠ ᠶᠢ | ᠰᠤᠷᠤᠯᠴᠠᠨ ᠳᠤᠤᠱᠯᠠᠭᠤᠯᠵᠤ᠂ ︽13·5︾ ᠶᠢᠨ ᠬᠤᠭᠤᠴᠠᠭ᠎ᠠ ᠵᠢᠴᠢ ᠬᠤᠶᠢᠰᠢᠳᠠ ᠶᠢᠨ ᠬᠡᠰᠡᠭ | ᠬᠤᠭᠤᠴᠠᠭᠠᠨ ᠤ ᠠᠵᠢᠯ ᠢᠶᠠᠨ ᠪᠠᠶᠢᠷᠢᠯᠠᠭᠤᠯᠪᠡ᠃ ᠬᠤᠷᠠᠯ ᠠᠴᠠ ᠵᠢᠭᠠᠵᠤ ᠭᠠᠷᠭᠠᠭᠰᠠᠨ ᠨᠢ᠂ ︽ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠰᠢᠨᠵᠢᠯᠡᠭᠦ ᠤᠬᠠᠭᠠᠨ ᠮᠡᠷᠭᠡᠵᠢᠯ ᠤᠨ | ᠰᠢᠨ᠎ᠡ ᠶᠢ ᠡᠬᠦᠳᠬᠦ ᠲᠤᠬᠠᠢ ᠬᠡᠷᠡᠭᠵᠢᠬᠦᠯᠬᠦ ᠰᠠᠨᠠᠯ︾ ᠳᠤ᠂ ᠮᠠᠨ ᠤ ᠤᠷᠤᠨ ᠤ ᠤᠰᠤᠨ ᠠᠰᠢᠬᠯᠠᠯᠳᠠ ᠶᠢᠨ | ᠰᠢᠨᠵᠢᠯᠡᠭᠦ ᠤᠬᠠᠭᠠᠨ ᠮᠠᠷᠭᠡᠵᠢᠯ ᠤᠨ ᠰᠢᠨ᠎ᠡ ᠶᠢ ᠡᠬᠦᠳᠬᠦ ᠤᠢᠢᠷ᠎ᠠ ᠶᠢᠨ ᠬᠤᠭᠤᠴᠠᠭ᠎ᠠ ᠪᠠ ᠠᠯᠤᠰ ᠤᠨ | ᠬᠦᠭᠵᠢᠯᠳᠡ ᠶᠢᠨ ᠬᠠᠷᠠᠯᠳᠠ ᠶᠢ ᠳᠤᠭᠳᠠᠭᠠᠪᠠ᠃ ᠲᠠᠷᠤᠢ 2020 ᠤᠨ ᠪᠤᠯᠳᠠᠯ᠎ᠠ᠂ ᠤᠰᠤᠨ ᠠᠰᠢᠬᠯᠠᠯᠳᠠ ᠶᠢᠨ | ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠶᠢ ᠦᠪᠡᠷᠳᠡᠭᠡᠨ ᠵᠠᠰᠠᠬᠤ ᠤᠷᠤᠨ ᠤ ᠰᠢᠨ᠎ᠡ ᠶᠢ | ᠡᠬᠦᠳᠬᠦ ᠬᠡᠯᠪᠡᠷᠢ ᠶᠢᠨ ᠡᠩᠨᠡᠭᠡ ᠳᠤ ᠤᠷᠤᠭᠤᠯᠤᠨ᠎ᠡ︔ 2030 ᠤᠨ ᠪᠤᠯᠳᠠᠯ᠎ᠠ᠂ ᠤᠰᠤᠨ ᠠᠰᠢᠬᠯᠠᠯᠳᠠ ᠶᠢᠨ | ᠰᠢᠨ᠎ᠠ ᠶᠢ ᠡᠬᠦᠳᠬᠦ ᠶᠡᠷᠦᠩᠬᠡᠶᠢᠯᠡᠭᠰᠡᠨ ᠴᠢᠳᠠᠪᠤᠷᠢ ᠶᠢ ᠦᠪᠡᠷᠳᠡᠬᠡᠨ ᠵᠠᠰᠠᠬᠤ ᠤᠷᠤᠨ ᠤ ᠳᠤᠮᠳᠠᠴᠢ ᠲᠦᠪᠰᠢᠨ ᠳᠤ | ᠬᠦᠷᠬᠡᠨ᠎ᠡ︔ 2050 ᠤᠨ ᠪᠤᠯᠳᠠᠯ᠎ᠠ᠂ ᠮᠠᠨ ᠤ ᠤᠷᠤᠨ ᠤ ᠤᠰᠤᠨ ᠠᠰᠢᠬᠯᠠᠯᠳᠠ ᠶᠢᠨ ᠰᠢᠨᠵᠢᠯᠡᠭᠦ ᠤᠬᠠᠭᠠᠨ | ᠮᠡᠷᠭᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠶᠢ ᠤᠯᠤᠰ ᠤᠨ ᠳᠤᠳᠤᠭᠠᠳᠤ ᠶᠢᠨ ᠳᠡᠷᠢᠬᠦᠨ ᠤ ᠡᠩᠨᠡᠭᠡᠨ ᠳᠤ | ᠤᠷᠤᠭᠤᠯᠬᠤ ᠪᠠᠷ ᠴᠢᠷᠮᠠᠶᠢᠨ᠎ᠡ ᠬᠡᠵᠠᠢ᠃ | ᠬᠤᠷᠠᠯ ᠠᠴᠠ ᠱᠠᠭᠠᠷᠳᠠᠭᠰᠠᠨ ᠨᠢ᠂ ᠮᠠᠨ ᠤ ᠤᠷᠤᠨ ᠤ ᠤᠰᠤᠨ ᠠᠰᠢᠬᠯᠠᠯᠳᠠ ᠶᠢᠨ ᠰᠢᠨᠵᠢᠯᠡᠬᠦ ᠤᠬᠠᠭᠠᠨ | ᠮᠡᠷᠬᠡᠵᠢᠯ ᠤᠨ ᠰᠢᠨ᠎ᠠ ᠶᠢ ᠡᠬᠦᠳᠬᠦ ᠬᠠᠷᠠᠯᠳᠠ ᠡᠬᠦᠷᠬᠡ ᠶᠢ ᠴᠢᠨᠠᠬᠰᠢᠳᠠ ᠲᠤᠳᠤᠷᠬᠠᠢᠢᠯᠠᠨ᠂ ᠰᠠᠭᠤᠷᠢ ᠴᠢᠨᠠᠷᠳᠠᠢ | ᠠᠰᠠᠭᠤᠳᠠᠯ ᠢ ᠰᠢᠢᠳᠪᠦᠷᠢᠯᠡᠬᠦ᠂ ᠵᠠᠩᠬᠢᠯᠠᠭ᠎ᠠ ᠶᠢᠨ ᠮᠡᠷᠭᠡᠵᠢᠯ ᠤᠨ ᠪᠤᠭᠤᠮᠳᠠ ᠰᠢᠪᠲᠤᠯᠬᠤ᠂ ᠪᠤᠳᠠᠳᠤ ᠬᠡᠷᠡᠭᠴᠡᠭᠡᠳᠤ | ᠦᠢᠯᠡᠳᠬᠦᠨ ᠢ ᠰᠤᠳᠤᠯᠤᠨ ᠨᠡᠬᠡᠬᠡᠬᠦ ᠵᠡᠷᠬᠡ ︽ᠭᠤᠷᠪᠠᠨ ᠶᠡᠭᠡ ᠲᠦᠷᠦᠯ︾ ᠤᠨ ᠭᠤᠤᠯᠳᠠᠯᠭ᠎ᠠ ᠲᠠᠢ ᠲᠦᠷᠦᠯ ᠵᠦᠢᠯ | ᠤᠨ ᠰᠤᠳᠤᠯᠭᠠᠨ ᠢ ᠴᠢᠩᠭᠠᠳᠬᠠᠨ᠂ ᠦᠢᠯᠡᠳᠪᠦᠷᠢᠯᠡᠯ᠂ ᠵᠢᠭᠠᠨ ᠰᠤᠷᠭᠠᠯᠳᠠ᠂ ᠰᠤᠳᠤᠯᠭᠠᠨ ᠤ ᠬᠠᠮᠲᠤᠷᠠᠯᠴᠠᠭᠠᠨ ᠤ | ᠰᠠᠭᠤᠷᠢᠨ ᠪᠠ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠬ᠂ ᠰᠤᠳᠤᠯᠭᠠᠨ ᠤ ᠲᠦᠪ᠂ ᠲᠤᠷᠰᠢᠯᠳᠠ ᠶᠢᠨ ᠦᠷᠲᠡᠭᠡ᠂ | ᠵᠢᠱᠢᠶ᠎ᠠ ᠦᠵᠡᠬᠦᠯᠬᠦ ᠲᠤᠭᠤᠷᠢᠬ ᠵᠡᠷᠭᠡ ᠤᠰᠤᠨ ᠠᠰᠢᠬᠯᠠᠯᠳᠠ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ | ᠡᠬᠦᠳᠬᠦ ᠰᠠᠭᠤᠷᠢ ᠲᠠᠪᠴᠠᠩ ᠤᠨ ᠪᠠᠶᠢᠭᠤᠯᠤᠯᠳᠠ ᠶᠢ ᠴᠢᠩᠭᠠᠳᠬᠠᠵᠦ᠂ ᠤᠰᠤᠨ ᠠᠰᠢᠬᠯᠠᠯᠳᠠ ᠶᠢᠨ ᠰᠢᠨᠵᠢᠯᠡᠭᠦ | ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠬᠠᠮᠢᠶᠠᠷᠤᠯᠳᠠ ᠶᠢᠨ ᠲᠦᠷᠢᠮ ᠢ ᠪᠦᠷᠢᠨᠰᠢᠬᠦᠯᠦᠨ ᠬᠦᠬᠢᠬᠦᠯᠦᠨ | ᠵᠤᠷᠢᠬᠵᠢᠭᠤᠯᠬᠤ ᠲᠤᠬᠳᠠᠴᠠ ᠶᠢ ᠪᠠᠶᠢᠭᠤᠯᠤᠨ ᠲᠡᠬᠦᠯᠳᠡᠷᠵᠢᠬᠦᠯᠵᠦ᠂ ᠮᠠᠨ ᠤ ᠤᠷᠤᠨ ᠤ ᠤᠰᠤᠨ ᠠᠰᠢᠬᠯᠠᠯᠳᠠ ᠶᠢᠨ | ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠠᠵᠢᠯ ᠳᠤ ᠬᠦᠴᠦᠳᠤ ᠪᠠᠲᠤᠯᠠᠭ᠎ᠠ ᠬᠠᠩᠭᠠᠬᠤ ᠬᠡᠷᠡᠭᠳᠡᠢ | ᠬᠡᠪᠡ᠃ |