ᠪᠦᠬᠦ ᠤᠷᠤᠨ ᠤ ᠤᠰᠤᠨ ᠠᠰᠢᠬᠯᠠᠯᠳᠠ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠬᠤᠷᠠᠯ ᠬᠢᠪᠡ
ᠨᠡᠶᠢᠲᠡᠯᠡᠭᠰᠡᠨ ᠴᠠᠭ᠄
2016/8/22
      8 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠪᠦᠬᠦ ᠤᠷᠤᠨ ᠤ ᠤᠰᠤᠨ ᠠᠰᠢᠬᠯᠠᠯᠳᠠ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠬᠤᠷᠠᠯ ᠬᠦᠬᠡᠬᠤᠳᠠ ᠳᠤ ᠬᠤᠷᠠᠯᠳᠤᠨ᠂ ᠪᠦᠬᠦ ᠤᠯᠤᠰ ᠤᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠤᠱᠯᠠᠭᠤᠯᠵᠤ᠂ ︽13·5︾ ᠶᠢᠨ ᠬᠤᠭᠤᠴᠠᠭ᠎ᠠ ᠵᠢᠴᠢ ᠬᠤᠶᠢᠰᠢᠳᠠ ᠶᠢᠨ ᠬᠡᠰᠡᠭ ᠬᠤᠭᠤᠴᠠᠭᠠᠨ ᠤ ᠠᠵᠢᠯ ᠢᠶᠠᠨ ᠪᠠᠶᠢᠷᠢᠯᠠᠭᠤᠯᠪᠡ᠃ ᠬᠤᠷᠠᠯ ᠠᠴᠠ ᠵᠢᠭᠠᠵᠤ ᠭᠠᠷᠭᠠᠭᠰᠠᠨ ᠨᠢ᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠲᠤᠬᠠᠢ ᠬᠡᠷᠡᠭᠵᠢᠬᠦᠯᠬᠦ ᠰᠠᠨᠠᠯ︾ ᠳᠤ᠂ ᠮᠠᠨ ᠤ ᠤᠷᠤᠨ ᠤ ᠤᠰᠤᠨ ᠠᠰᠢᠬᠯᠠᠯᠳᠠ ᠶᠢᠨ ᠰᠢᠨᠵᠢᠯᠡᠭᠦ ᠤᠬᠠᠭᠠᠨ ᠮᠠᠷᠭᠡᠵᠢᠯ ᠤᠨ ᠰᠢᠨ᠎ᠡ ᠶᠢ ᠡᠬᠦᠳᠬᠦ ᠤᠢᠢᠷ᠎ᠠ ᠶᠢᠨ ᠬᠤᠭᠤᠴᠠᠭ᠎ᠠ ᠪᠠ ᠠᠯᠤᠰ ᠤᠨ ᠬᠦᠭᠵᠢᠯᠳᠡ ᠶᠢᠨ ᠬᠠᠷᠠᠯᠳᠠ ᠶᠢ ᠳᠤᠭᠳᠠᠭᠠᠪᠠ᠃ ᠲᠠᠷᠤᠢ 2020 ᠤᠨ ᠪᠤᠯᠳᠠᠯ᠎ᠠ᠂ ᠤᠰᠤᠨ ᠠᠰᠢᠬᠯᠠᠯᠳᠠ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠶᠢ ᠦᠪᠡᠷᠳᠡᠭᠡᠨ ᠵᠠᠰᠠᠬᠤ ᠤᠷᠤᠨ ᠤ ᠰᠢᠨ᠎ᠡ ᠶᠢ ᠡᠬᠦᠳᠬᠦ ᠬᠡᠯᠪᠡᠷᠢ ᠶᠢᠨ ᠡᠩᠨᠡᠭᠡ ᠳᠤ ᠤᠷᠤᠭᠤᠯᠤᠨ᠎ᠡ︔ 2030 ᠤᠨ ᠪᠤᠯᠳᠠᠯ᠎ᠠ᠂ ᠤᠰᠤᠨ ᠠᠰᠢᠬᠯᠠᠯᠳᠠ ᠶᠢᠨ ᠰᠢᠨ᠎ᠠ ᠶᠢ ᠡᠬᠦᠳᠬᠦ ᠶᠡᠷᠦᠩᠬᠡᠶᠢᠯᠡᠭᠰᠡᠨ ᠴᠢᠳᠠᠪᠤᠷᠢ ᠶᠢ ᠦᠪᠡᠷᠳᠡᠬᠡᠨ ᠵᠠᠰᠠᠬᠤ ᠤᠷᠤᠨ ᠤ ᠳᠤᠮᠳᠠᠴᠢ ᠲᠦᠪᠰᠢᠨ ᠳᠤ ᠬᠦᠷᠬᠡᠨ᠎ᠡ︔ 2050 ᠤᠨ ᠪᠤᠯᠳᠠᠯ᠎ᠠ᠂ ᠮᠠᠨ ᠤ ᠤᠷᠤᠨ ᠤ ᠤᠰᠤᠨ ᠠᠰᠢᠬᠯᠠᠯᠳᠠ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠶᠢ ᠤᠯᠤᠰ ᠤᠨ ᠳᠤᠳᠤᠭᠠᠳᠤ ᠶᠢᠨ ᠳᠡᠷᠢᠬᠦᠨ ᠤ ᠡᠩᠨᠡᠭᠡᠨ ᠳᠤ ᠤᠷᠤᠭᠤᠯᠬᠤ ᠪᠠᠷ ᠴᠢᠷᠮᠠᠶᠢᠨ᠎ᠡ ᠬᠡᠵᠠᠢ᠃      ᠬᠤᠷᠠᠯ ᠠᠴᠠ ᠱᠠᠭᠠᠷᠳᠠᠭᠰᠠᠨ ᠨᠢ᠂ ᠮᠠᠨ ᠤ ᠤᠷᠤᠨ ᠤ ᠤᠰᠤᠨ ᠠᠰᠢᠬᠯᠠᠯᠳᠠ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠶᠢ ᠡᠬᠦᠳᠬᠦ ᠬᠠᠷᠠᠯᠳᠠ ᠡᠬᠦᠷᠬᠡ ᠶᠢ ᠴᠢᠨᠠᠬᠰᠢᠳᠠ ᠲᠤᠳᠤᠷᠬᠠᠢᠢᠯᠠᠨ᠂ ᠰᠠᠭᠤᠷᠢ ᠴᠢᠨᠠᠷᠳᠠᠢ ᠠᠰᠠᠭᠤᠳᠠᠯ ᠢ ᠰᠢᠢᠳᠪᠦᠷᠢᠯᠡᠬᠦ᠂ ᠵᠠᠩᠬᠢᠯᠠᠭ᠎ᠠ ᠶᠢᠨ ᠮᠡᠷᠭᠡᠵᠢᠯ ᠤᠨ ᠪᠤᠭᠤᠮᠳᠠ ᠰᠢᠪᠲᠤᠯᠬᠤ᠂ ᠪᠤᠳᠠᠳᠤ ᠬᠡᠷᠡᠭᠴᠡᠭᠡᠳᠤ ᠦᠢᠯᠡᠳᠬᠦᠨ ᠢ ᠰᠤᠳᠤᠯᠤᠨ ᠨᠡᠬᠡᠬᠡᠬᠦ ᠵᠡᠷᠬᠡ ︽ᠭᠤᠷᠪᠠᠨ ᠶᠡᠭᠡ ᠲᠦᠷᠦᠯ︾ ᠤᠨ ᠭᠤᠤᠯᠳᠠᠯᠭ᠎ᠠ ᠲᠠᠢ ᠲᠦᠷᠦᠯ ᠵᠦᠢᠯ  ᠤᠨ ᠰᠤᠳᠤᠯᠭᠠᠨ ᠢ ᠴᠢᠩᠭᠠᠳᠬᠠᠨ᠂ ᠦᠢᠯᠡᠳᠪᠦᠷᠢᠯᠡᠯ᠂ ᠵᠢᠭᠠᠨ ᠰᠤᠷᠭᠠᠯᠳᠠ᠂ ᠰᠤᠳᠤᠯᠭᠠᠨ ᠤ ᠬᠠᠮᠲᠤᠷᠠᠯᠴᠠᠭᠠᠨ ᠤ ᠰᠠᠭᠤᠷᠢᠨ ᠪᠠ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠬ᠂ ᠰᠤᠳᠤᠯᠭᠠᠨ ᠤ ᠲᠦᠪ᠂ ᠲᠤᠷᠰᠢᠯᠳᠠ ᠶᠢᠨ ᠦᠷᠲᠡᠭᠡ᠂ ᠵᠢᠱᠢᠶ᠎ᠠ ᠦᠵᠡᠬᠦᠯᠬᠦ ᠲᠤᠭᠤᠷᠢᠬ ᠵᠡᠷᠭᠡ ᠤᠰᠤᠨ ᠠᠰᠢᠬᠯᠠᠯᠳᠠ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠰᠠᠭᠤᠷᠢ ᠲᠠᠪᠴᠠᠩ ᠤᠨ ᠪᠠᠶᠢᠭᠤᠯᠤᠯᠳᠠ ᠶᠢ ᠴᠢᠩᠭᠠᠳᠬᠠᠵᠦ᠂ ᠤᠰᠤᠨ ᠠᠰᠢᠬᠯᠠᠯᠳᠠ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠬᠠᠮᠢᠶᠠᠷᠤᠯᠳᠠ ᠶᠢᠨ ᠲᠦᠷᠢᠮ ᠢ ᠪᠦᠷᠢᠨᠰᠢᠬᠦᠯᠦᠨ ᠬᠦᠬᠢᠬᠦᠯᠦᠨ ᠵᠤᠷᠢᠬᠵᠢᠭᠤᠯᠬᠤ ᠲᠤᠬᠳᠠᠴᠠ ᠶᠢ ᠪᠠᠶᠢᠭᠤᠯᠤᠨ ᠲᠡᠬᠦᠯᠳᠡᠷᠵᠢᠬᠦᠯᠵᠦ᠂ ᠮᠠᠨ ᠤ ᠤᠷᠤᠨ ᠤ ᠤᠰᠤᠨ ᠠᠰᠢᠬᠯᠠᠯᠳᠠ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠠᠵᠢᠯ ᠳᠤ ᠬᠦᠴᠦᠳᠤ ᠪᠠᠲᠤᠯᠠᠭ᠎ᠠ ᠬᠠᠩᠭᠠᠬᠤ ᠬᠡᠷᠡᠭᠳᠡᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠢ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号