ᠣᠶᠢᠷ᠎ᠠ ᠳᠤ᠂ ᠪᠤᠭᠤᠲᠤ ᠬᠤᠲᠠ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠠᠵᠤ ᠠᠬᠤᠶ ᠶᠢᠨ | ᠪᠠᠶᠢᠳᠠᠯ ᠢ ᠬᠠᠷᠭᠤᠭᠤᠯᠬᠤ ᠲᠥᠪ ᠳ᠋ᠠᠶᠢᠲ᠋ᠠ ᠬᠥᠮᠥᠷᠭᠡ ᠶᠢ ᠬᠠᠷᠭᠤᠭᠤᠯᠬᠤ ᠶᠢ ᠤᠯᠠᠮ ᠨᠢᠭᠡ ᠠᠯᠬᠤᠮ ᠰᠢᠨᠡᠳᠭᠡᠵᠤ᠂ | ᠪᠤᠭᠤᠲᠤ ᠬᠤᠳᠠ ᠶᠢᠨ ᠣᠷᠣᠨ ᠲᠣᠭᠠᠨ ᠤ ᠠᠯᠪᠠᠨ ᠭᠡᠷ ᠤᠨ ᠠᠵᠢᠯᠲᠠᠳ ᠤᠨ ᠮᠡᠳᠡᠭᠡ ᠵᠠᠩᠭᠢ ᠶᠢᠨ ᠳ᠋ᠠᠶᠢᠲ᠋ᠠ | ᠬᠥᠮᠥᠷᠭᠡ ᠶᠢ ᠰᠢᠨ᠎ᠡ ᠪᠠᠷ ᠨᠡᠮᠡᠵᠤ᠂ ᠲᠤᠭ᠎ᠠ ᠪᠠᠷᠢᠮᠲᠠ ᠬᠠᠷᠭᠤᠭᠤᠯᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ | ᠡᠷᠬᠡ ᠰᠦᠷᠲᠦ ᠴᠢᠨᠠᠷ ᠢ ᠦᠨᠡᠨ ᠬᠦ ᠪᠠᠲᠤᠯᠠᠪᠠ᠃ ᠪᠦᠷᠢᠳᠬᠡᠯ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ ᠲᠤᠰ | ᠲᠥᠪ ᠤᠨ ᠬᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠥᠷᠳᠡᠬᠦ 143002 ᠬᠥᠮᠦᠨ ᠤᠳᠠᠭ᠎ᠠ ᠶᠢ | ᠬᠠᠷᠭᠤᠭᠤᠯᠵᠤ᠂ ᠮᠡᠳᠡᠭᠡ ᠵᠠᠩᠬᠢ ᠨᠢ ᠰᠡᠵᠢᠭ ᠲᠠᠢ ᠨᠡᠶᠢᠲᠡ 10798 ᠬᠥᠮᠦᠨ ᠤᠳᠠᠭ᠎ᠠ ᠶᠢ ᠬᠠᠷᠭᠤᠭᠤᠯᠤᠨ | ᠲᠤᠳᠤᠯᠠᠵᠤ᠂ ᠡᠵᠡᠯᠡᠬᠦ ᠬᠠᠷᠢᠴᠠᠯ ᠨᠢ ᠪᠠᠷᠤᠭ 7% ᠳᠤ ᠬᠦᠷᠪᠡ᠂ ᠪᠤᠭᠤᠲᠤ ᠬᠤᠲᠠ ᠶᠢᠨ 2015 ᠣᠨ ᠤ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ ᠠᠪᠴᠤ ᠪᠠᠶᠢᠭ᠎ᠠ ᠳᠤᠮᠳᠠᠴᠢ ᠪᠠᠷ 391 ᠲᠥᠭᠦᠷᠢᠭ / | ᠬᠥᠮᠦᠨ / ᠰᠠᠷ᠎ᠠ ᠶᠢᠨ ᠪᠠᠷᠢᠮᠵᠢᠶ᠎ᠠ ᠪᠠᠷ ᠲᠥᠰᠦᠭᠡᠯᠡᠨ ᠪᠤᠳᠤᠪᠠᠯ᠂ ᠵᠢᠱᠢᠯᠲᠡ ᠪᠠᠷ ᠡᠳ᠋ ᠤᠨ ᠵᠠᠰᠠᠭ ᠤᠨ ᠪᠡᠯᠡ | ᠮᠥᠩᠭᠦ ᠶᠢ4222018 ᠲᠥᠭᠦᠷᠢᠭ / ᠰᠠᠷ᠎ᠠ ᠠᠷᠪᠢᠯᠠᠪᠠ᠃ | ᠪᠤᠭᠤᠲᠤ ᠬᠤᠲᠠ ᠶᠢᠨ ᠬᠤᠲᠠ ᠶᠢᠨ ᠳᠡᠰ ᠤᠨ ᠬᠠᠷᠭᠤᠭᠤᠯᠬᠤ ᠳ᠋ᠠᠶᠢᠲ᠋ᠠ ᠬᠥᠮᠥᠷᠭᠡ ᠶᠢᠨ ᠠᠭᠤᠯᠭ᠎ᠠ ᠳᠤ | ᠪᠤᠭᠤᠲᠤ ᠬᠤᠲᠠ ᠶᠢᠨ ᠡᠷᠦᠬᠡ ᠠᠮᠠ ᠶᠢᠨ ᠳᠠᠩᠰᠠᠨ ᠤ ᠳ᠋ᠠᠶᠢᠲ᠋ᠠ ᠬᠥᠮᠥᠷᠭᠡ ᠂ ᠪᠤᠭᠤᠲᠤ ᠬᠤᠳᠠ ᠶᠢᠨ ᠦᠢᠯᠡᠳᠪᠦᠷᠢ | ᠬᠤᠳᠠᠯᠳᠤᠭ᠎ᠠ ᠶᠢᠨ ᠮᠡᠳᠡᠭᠡ ᠵᠠᠩᠭᠢ ᠲᠡᠮᠳᠡᠭᠯᠡᠬᠦ ᠳ᠋ᠠᠶᠢᠲ᠋ᠠ ᠬᠥᠮᠥᠷᠭᠡ᠂ ᠪᠤᠭᠤᠲᠤ ᠬᠤᠲᠠ ᠶᠢᠨ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠠᠪᠴᠤ ᠪᠠᠶᠢᠬᠤ ᠳ᠋ᠠᠶᠢᠲ᠋ᠠ ᠬᠥᠮᠥᠷᠭᠡ᠂ ᠪᠤᠭᠤᠲᠤ ᠬᠤᠲᠠ ᠶᠢᠨ ᠨᠡᠶᠢᠭᠡᠮ ᠤᠨ | ᠪᠠᠲᠤᠯᠠᠭ᠎ᠠ ᠶᠢᠨ ᠮᠦᠡᠭᠭᠦ ᠲᠤᠰᠢᠶᠠᠵᠤ ᠪᠠᠶᠢᠭ᠎ᠠ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠵᠡᠷᠭᠡ ᠪᠠᠭᠲᠠᠨ᠎ᠠ᠃ ᠲᠤᠭ᠎ᠠ | ᠪᠠᠷᠢᠮᠲᠠ ᠶᠢ ᠬᠠᠷᠭᠤᠭᠤᠯᠬᠤ ᠪᠠᠷ ᠳᠠᠮᠵᠢᠭᠤᠯᠤᠨ᠂ ᠬᠦᠴᠢᠷᠳᠡᠯᠲᠠᠢ ᠣᠯᠠᠨ ᠲᠦᠮᠡᠨ ᠤ ︽ᠪᠠᠲᠤᠯᠠᠬᠤ | ᠶᠣᠰᠣᠲᠠᠶ ᠶᠢ ᠨᠢ ᠴᠥᠮ ᠪᠠᠲᠤᠯᠠᠬᠤ︾᠂ ᠨᠥᠬᠦᠴᠡᠯ ᠳᠤ ᠨᠡᠶᠢᠴᠡᠬᠦ ᠥᠭᠡᠢ ᠬᠥᠮᠦᠨ ᠢ ︽ᠭᠠᠷᠭᠠᠬᠤ | ᠶᠣᠰᠣᠲᠠᠶ ᠶᠢ ᠨᠢ ᠴᠦᠮ ᠭᠠᠷᠭᠠᠬᠤ︾ ᠶᠢ ᠦᠨᠡᠨᠬᠦ ᠪᠡᠶᠡᠯᠡᠬᠦᠯᠵᠤ᠂ ᠡᠭᠦᠨ ᠤ ᠬᠠᠮᠲᠤ᠂ ᠪᠤᠭᠤᠲᠤ ᠬᠤᠲᠠ ᠶᠢᠨ | ᠰᠠᠭᠤᠭᠠᠯᠢ ᠠᠷᠠᠳ ᠤᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠲᠥᠪ ᠨᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠪᠠᠭᠤᠯᠭᠠᠭᠰᠠᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠬᠦᠷᠲᠡᠭᠰᠡᠳ ᠤᠨ ᠨᠠᠰᠤ ᠪᠠᠷᠠᠭᠰᠠᠨ ᠵᠡᠷᠭᠡ ᠠᠰᠠᠭᠤᠳᠠᠯ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ | ᠬᠥᠮᠦᠰ ᠢ ᠵᠣᠬᠢᠶᠠᠨ ᠪᠠᠶᠢᠭᠤᠯᠤᠨ ᠳᠠᠪᠲᠠᠨ ᠪᠠᠶᠢᠴᠠᠭᠠᠵᠤ᠂ ᠲᠤᠭ᠎ᠠ ᠪᠠᠷᠢᠮᠲᠠ ᠬᠠᠷᠭᠤᠭᠤᠯᠬᠤ ᠠᠵᠢᠯ ᠤᠨ | ᠦᠷᠬᠦᠯᠵᠢᠯᠡᠯ ᠴᠢᠨᠠᠷ ᠪᠤᠯᠤᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠬᠦᠯᠪᠡ᠃ |