| 8 ᠳ᠋ᠤᠭᠠᠷ ᠰᠠᠷ᠎ᠠ ᠶᠢᠨ 24 ᠤ ᠦᠳᠡ ᠶᠢᠨ ᠡᠮᠤᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠱᠦᠵᠢ ᠸᠠᠩ ᠵᠢᠶᠦ᠋ᠨ ᠠᠷᠪᠠᠨ ᠲᠤᠯᠤᠳᠤᠭᠠᠷ ᠤᠳᠠᠭ᠎ᠠ ᠶᠢᠨ ᠪᠦᠬᠦ ᠤᠷᠤᠨ ᠤ ᠪᠠᠶᠢᠴᠠᠭᠠᠬᠤ ᠠᠵᠢᠯ | ᠤᠨ ᠬᠤᠷᠠᠯ ᠤᠨ ᠲᠦᠯᠦᠭᠡᠯᠡᠭᠴᠢᠳ ᠢ ᠲᠤᠳᠤᠨᠤᠰᠤᠭ ᠢᠶᠠᠷ ᠬᠦᠯᠢᠶᠡᠨ ᠠᠪᠴᠤ ᠠᠭᠤᠯᠵᠠᠪᠠ᠃ | 8 ᠳ᠋ᠤᠭᠠᠷ ᠰᠠᠷ᠎ᠠ ᠶᠢᠨ 24 ᠤ ᠦᠳᠡ ᠶᠢᠨ ᠡᠮᠤᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠶᠢᠨ ᠱᠦᠵᠢ ᠸᠠᠩ ᠵᠢᠶᠦ᠋ᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ | ᠬᠤᠷᠢᠶ᠎ᠠ ᠳᠤ ᠬᠦᠷᠴᠤ᠂ ᠲᠤᠬᠠᠢ ᠶᠢᠨ ᠡᠳᠦᠷ ᠲᠤ ᠬᠤᠷᠠᠯᠳᠤᠬᠤ ᠠᠷᠪᠠᠨ ᠲᠤᠯᠤᠳᠤᠭᠠᠷ ᠤᠳᠠᠭ᠎ᠠ ᠶᠢᠨ ᠪᠦᠬᠦ ᠤᠷᠤᠨ | ᠤ ᠪᠠᠶᠢᠴᠠᠭᠠᠬᠤ ᠠᠵᠢᠯ ᠤᠨ ᠬᠤᠷᠠᠯ ᠳᠤ ᠤᠷᠤᠯᠴᠠᠬᠤ ᠲᠦᠯᠦᠭᠡᠯᠡᠭᠴᠢᠳ ᠢ ᠲᠤᠳᠤᠨᠤᠰᠤᠭ ᠢᠶᠠᠷ ᠬᠦᠯᠢᠶᠡᠨ ᠠᠪᠴᠤ | ᠠᠭᠤᠯᠵᠠᠬᠤ ᠶᠢᠨ ᠬᠠᠮᠳᠤ ᠲᠡᠳᠡᠨᠤᠰ ᠲᠠᠢ ᠬᠠᠮᠳᠤ ᠶᠢᠨ ᠰᠡᠭᠦᠳᠡᠷ ᠲᠠᠳᠠᠵᠤ ᠳᠤᠷᠠᠰᠬᠠᠯ ᠦᠯᠡᠳᠡᠭᠡᠪᠡ᠃ | ᠸᠠᠩ ᠵᠢᠶᠦ᠋ᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢ ᠲᠦᠯᠦᠭᠡᠯᠡᠨ ᠬᠤᠷᠠᠯ ᠳᠤ | ᠤᠷᠤᠯᠴᠠᠬᠤ ᠲᠦᠯᠦᠭᠡᠯᠡᠭᠴᠢᠳ ᠢ ᠲᠤᠳᠤᠨᠤᠰᠤᠭ ᠢᠶᠠᠷ ᠲᠤᠬᠤᠨᠢᠭᠤᠯᠬᠤ ᠶᠢᠨ ᠬᠠᠮᠳᠤ ᠦᠩᠭᠡᠷᠡᠭᠰᠡᠨ 5 ᠵᠢᠯ ᠤᠨ | ᠲᠤᠷᠰᠢᠬᠢ ᠪᠦᠬᠦ ᠤᠷᠤᠨ ᠤ ᠪᠠᠶᠢᠴᠠᠭᠠᠬᠤ ᠠᠵᠢᠯ ᠤᠨ ᠤᠯᠤᠬᠰᠠᠨ ᠠᠮᠵᠢᠯᠳᠠ ᠪᠦᠳᠦᠮᠵᠢ ᠶᠢ ᠬᠦᠢᠴᠡᠳ ᠨᠤᠳᠠᠯᠠᠬᠤ | ᠶᠢᠨ ᠬᠠᠮᠳᠤ ᠬᠤᠷᠠᠯ ᠳᠤ ᠤᠷᠤᠯᠴᠠᠬᠤ ᠲᠦᠯᠦᠭᠡᠯᠡᠭᠴᠢᠳ ᠵᠢᠴᠢ ᠪᠦᠬᠦ ᠤᠷᠤᠨ ᠤ ᠪᠠᠶᠢᠴᠠᠭᠠᠬᠤ ᠠᠵᠢᠯᠳᠠᠳ ᠤᠨ | ᠦᠷᠭᠦᠯᠵᠢᠯᠡᠨ ᠴᠢᠷᠮᠠᠶᠢᠨ ᠠᠵᠢᠯᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠨᠠᠮ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠬᠦᠳᠡ ᠬᠤᠷᠠᠯ | ᠤᠨ ᠵᠤᠷᠢᠭ ᠰᠠᠨᠠᠭ᠎ᠠ ᠪᠤᠯᠤᠨ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ᠂ ᠦᠪᠦᠷ | ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ | ᠲᠤᠤᠱᠯᠠᠭᠤᠯᠤᠨ ᠨᠡᠶᠢᠳᠡᠪᠦᠷᠢᠵᠢᠭᠤᠯᠵᠤ᠂ ᠲᠦᠪ ᠤᠨ ᠬᠠᠮᠢᠶ᠎ᠠ ᠪᠦᠬᠦᠢ ᠪᠠᠶᠢᠷᠢᠯᠠᠭᠤᠯᠤᠯᠳᠠ ᠪᠤᠯᠤᠨ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠤᠰᠤᠭᠠᠷ ᠠᠮᠵᠢᠯᠳᠡ ᠪᠦᠳᠦᠮᠵᠢ ᠪᠠᠨ ᠪᠦᠬᠦ | ᠲᠠᠯ᠎ᠠ ᠪᠠᠷ ᠳ᠋ᠦᠩᠨᠡᠨ ᠪᠠᠶᠢᠳᠠᠯ ᠢ ᠵᠦᠪ ᠤᠨᠤᠪᠴᠢᠳᠠᠢ ᠰᠤᠳᠤᠯᠤᠨ ᠮᠠᠭᠠᠳᠯᠠᠵᠤ᠂ ︽13 · 5︾ ᠶᠢᠨ ᠪᠦᠬᠦ | ᠤᠷᠤᠨ ᠤ ᠪᠠᠶᠢᠴᠠᠭᠠᠬᠤ ᠠᠵᠢᠯ ᠢ ᠰᠠᠶᠢᠳᠤᠷ ᠰᠤᠳᠤᠯᠤᠨ ᠪᠠᠶᠢᠷᠢᠯᠠᠭᠤᠯᠵᠤ᠂ ᠪᠦᠬᠦ ᠤᠷᠤᠨ ᠤ ᠪᠠᠶᠢᠴᠠᠭᠠᠬᠤ | ᠠᠵᠢᠯ ᠳᠤ ᠰᠢᠨ᠎ᠡ ᠬᠦᠭᠵᠢᠯᠳᠡ ᠶᠢ ᠪᠡᠶᠡᠯᠡᠭᠦᠯᠤᠨ ᠬᠠᠤᠯᠢᠵᠢᠯ ᠤᠨ ᠦᠪᠦᠷ ᠮᠤᠩᠭᠤᠯ ᠤᠨ ᠪᠦᠳᠦᠬᠡᠨ | ᠪᠠᠶᠢᠭᠤᠯᠤᠯᠳᠠ ᠳᠤ ᠰᠢᠨ᠎ᠡ ᠠᠮᠵᠢᠯᠳᠠ ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠭᠡᠷᠡᠭᠳᠡᠢ | ᠭᠡᠵᠤ ᠵᠤᠷᠢᠬᠵᠢᠭᠤᠯᠪᠠ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ | ᠨᠠᠷᠢᠨ ᠪᠢᠴᠢᠭ ᠤᠨ ᠲᠠᠷᠤᠭ᠎ᠠ ᠵᠠᠩ ᠶᠤᠸᠠᠨ ᠵᠦᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠬᠤᠢ᠂ ᠦᠪᠡᠷᠳᠡᠭᠡᠨ | ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ | ᠡᠷᠬᠢᠯᠡᠭᠴᠢ ᠬᠤᠷᠴᠠ ᠵᠢᠴᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ | ᠲᠠᠷᠤᠭ᠎ᠠ ᠮᠠ ᠶᠦᠩ ᠱᠧᠩ ᠨᠠᠷ ᠪᠠᠷ᠎ᠠ ᠪᠤᠯᠵᠠᠢ᠃ | | |