ᠪᠦᠬᠦ ᠤᠯᠤᠰ ᠤᠨ ᠬᠡᠰᠡᠭ ᠮᠤᠵᠢ ᠬᠤᠲᠠ ᠶᠢᠨ ᠬᠢᠯᠢ ᠠᠯᠤᠰᠯᠠᠭᠰᠠᠨ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠠᠵᠢᠯ ᠤᠨ ᠶᠠᠷᠢᠯᠴᠠᠬᠤ ᠬᠤᠷᠠᠯ ᠬᠥᠯᠥᠨ ᠪᠤᠶᠢᠷ ᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/8/25
     ᠣᠷᠴᠢᠮᠬᠠᠨ᠂ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠡᠷᠭᠢᠯᠡᠭᠰᠡᠨ ᠬᠡᠰᠡᠭ ᠮᠤᠵᠢ ᠬᠤᠲᠠ ᠶᠢᠨ ᠬᠢᠯᠢ ᠠᠯᠤᠰᠯᠠᠭᠰᠠᠨ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠠᠵᠢᠯ ᠤᠨ ᠶᠠᠷᠢᠯᠴᠠᠬᠤ ᠬᠤᠷᠠᠯ ᠬᠥᠯᠥᠨ ᠪᠤᠶᠢᠷ ᠬᠤᠲᠠ ᠳᠤ ᠬᠤᠷᠠᠯᠳᠤᠪᠠ᠃ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠣᠪᠴᠢᠶᠠᠨ ᠤ ᠳᠠᠷᠤᠭ᠎ᠠ ᠶᠠᠩ ᠬᠤᠩ ᠼᠠᠨ᠂ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ ᠶᠢᠨ ᠣᠯᠠᠨ ᠤᠯᠤᠰ ᠤᠨ ᠬᠠᠮᠲᠤᠷᠠᠯᠴᠠᠭᠠᠨ ᠤ ᠵᠤᠷᠭᠠᠨ ᠤ ᠳᠠᠷᠤᠭ᠎ᠠ ᠯᠢᠦ ᠶᠠᠨ᠂ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠴᠠᠩ ᠢᠦᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶᠠᠨ ᠤ ᠳᠠᠷᠤᠭ᠎ᠠ ᠴᠧᠨ ᠵᠢᠶᠧ᠂ ᠬᠥᠯᠥᠨ ᠪᠤᠶᠢᠷ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠠᠩ ᠪᠣᠣ ᠳ᠋ᠦᠩ ᠬᠤᠷᠠᠯ ᠳᠤ ᠣᠷᠣᠯᠴᠠᠪᠠ᠃ ᠭᠤᠸᠠᠩᠰᠢ᠂ ᠶᠦᠨᠨᠠᠨ᠂ ᠰᠢᠨᠵᠢᠶᠠᠩ᠂ ᠯᠢᠶᠣᠤᠨᠢᠩ᠂ ᠭᠢᠷᠢᠨ᠂ ᠬᠠᠷᠠᠮᠥ᠋ᠷᠡᠨ᠂ ᠨᠢᠩᠰᠢᠶᠠ ᠵᠡᠷᠭᠡ ᠮᠤᠵᠢ ᠣᠷᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠪᠠᠶᠢᠭᠤᠯᠤᠮᠵᠢ᠂ ᠬᠡᠷᠡᠭᠯᠡᠭᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃      ᠬᠤᠷᠠᠯ ᠳᠤ ᠠᠵᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠢᠳᠡᠪᠬᠢᠲᠡᠶ ᠪᠠᠷ ᠰᠢᠨᠡᠴᠢᠯᠡᠭᠰᠡᠨ ᠪᠠ ᠬᠢᠯᠢ ᠠᠯᠤᠰᠯᠠᠭᠰᠠᠨ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠠᠵᠢᠯ ᠤᠨ ᠲᠠᠯ᠎ᠠ ᠪᠠᠷ ᠣᠯᠤᠭᠰᠠᠨ ᠢᠯᠡᠳᠲᠡ ᠦᠷ᠎ᠡ ᠪᠦᠲᠦᠮᠵᠢ ᠶᠢ ᠳ᠋ᠦᠩᠨᠡᠵᠦ᠂ ᠡᠯ᠎ᠡ ᠭᠠᠵᠠᠷ ᠤᠨ ᠠᠵᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤ ᠬᠢᠯᠢ ᠠᠯᠤᠰᠯᠠᠭᠰᠠᠨ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠢᠯᠢ ᠠᠯᠤᠰᠯᠠᠭᠰᠠᠨ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠠᠵᠢᠯ ᠢᠶᠠᠨ ᠰᠠᠶᠢᠲᠤᠷ ᠠᠳᠬᠤᠬᠤ ᠪᠠᠷ ᠠᠵᠠ ᠲᠣᠬᠢᠶᠠᠯ ᠪᠣᠯᠭᠠᠵᠤ᠂ ᠠᠮᠤᠷ ᠲᠦᠪᠰᠢᠨ ᠰᠡᠳᠬᠢᠯ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠦᠨᠡᠨ ᠬᠦ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ ᠬᠡᠰᠡᠭ ᠮᠤᠵᠢ ᠬᠤᠲᠠ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠢᠯᠢ ᠠᠯᠤᠰᠯᠠᠭᠰᠠᠨ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃      ᠡᠨᠡ ᠤᠳᠠᠭᠠᠨ ᠤ ᠬᠤᠷᠠᠯ ᠨᠢ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾᠎ ᠶᠢ ᠭᠦᠨᠵᠡᠭᠡᠶ ᠲᠤᠤᠱᠯᠠᠭᠤᠯᠤᠨ ᠬᠡᠷᠡᠭᠵᠢᠭᠦᠯᠬᠦ᠂ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠠᠵᠢᠯ ᠤᠨ ᠰᠣᠯᠢᠯᠴᠠᠭ᠎ᠠ ᠶᠢ ᠴᠢᠩᠭᠠᠳᠬᠠᠬᠤ᠂ ᠬᠢᠯᠢ ᠠᠯᠤᠰᠯᠠᠭᠰᠠᠨ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠠᠵᠢᠯ ᠤᠨ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠬᠤ᠂ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠠᠵᠢᠯ ᠤᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号