ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ 2017 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠰᠠᠶᠢᠲᠤᠷ ᠬᠢᠬᠦ ᠶᠢᠨ ᠲᠤᠯᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ ᠳᠥᠷᠢᠮ︾ ᠪᠠ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠲᠣᠭᠲᠠᠭᠠᠬᠤ ᠣᠨ ᠤ ᠲᠥᠯᠥᠪᠯᠡᠭᠡ ᠶᠢ | ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠲᠤᠬᠠᠶ ᠲᠣᠭᠲᠠᠭᠠᠯ ᠤᠳ︾ ᠤᠨ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠪᠥᠬᠦ ᠨᠡᠶᠢᠭᠡᠮ ᠠᠴᠠ 2017 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢᠨ ᠲᠥᠷᠥᠯ ᠵᠦᠢᠯ ᠢ | ᠢᠯᠡ ᠪᠠᠷ ᠡᠯᠰᠡᠨ ᠴᠤᠭᠯᠠᠭᠤᠯᠬᠤ ᠪᠠᠷ ᠪᠤᠢ᠂ ᠪᠣᠳᠠᠲᠠᠶ ᠶᠠᠪᠤᠳᠠᠯ ᠢ ᠦᠨᠦ ᠳᠣᠷᠣᠭᠰᠢ ᠮᠡᠳᠡᠭᠳᠡᠪᠡ᠄ | ᠨᠢᠭᠡ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳ᠋ᠧᠩ ᠰᠢᠶᠤᠤ ᠫᠢᠩ ᠤᠨ ᠣᠨᠣᠯ᠂ ᠭᠤᠷᠪᠠ ᠶᠢ ᠲᠥᠯᠥᠭᠡᠯᠡᠬᠦ | ᠴᠢᠬᠤᠯᠠ ᠦᠵᠡᠯ ᠰᠠᠨᠠᠭ᠎ᠠ ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠣᠯᠭᠠᠨ᠂ | ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ | ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯ ᠪᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ | ᠦᠭᠡᠢ᠂ ᠨᠡᠭᠡᠭᠡᠯᠳᠡ ᠲᠠᠢ ᠪᠦᠭᠡᠳ ᠬᠠᠮᠲᠤ ᠪᠠᠷ ᠬᠦᠷᠲᠡᠬᠦ ᠬᠥᠭᠵᠢᠯᠲᠡ ᠶᠢᠨ ᠰᠢᠨ᠎ᠡ ᠣᠨᠣᠯᠵᠢᠬᠤᠨ ᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠤᠯᠢ | ᠲᠣᠭᠲᠠᠭᠠᠬᠤ ᠠᠵᠢᠯ ᠤᠨ ᠲᠣᠬᠠᠢ ᠱᠠᠭᠠᠷᠳᠠᠯᠭ᠎ᠠ ᠶᠣᠰᠣᠭᠠᠷ᠂ ᠭᠤᠣᠯ ᠠᠵᠢᠯ ᠲᠠᠢ ᠤᠶᠠᠯᠳᠤᠭᠤᠯᠤᠨ᠂ ᠶᠡᠭᠡ | ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠭᠤᠣᠯᠳᠠᠯᠭ᠎ᠠ ᠶᠢ ᠲᠤᠪᠤᠶᠢᠯᠭᠠᠨ᠂ ᠪᠠᠴᠢᠮ ᠴᠢᠬᠤᠯᠠ ᠶᠢ ᠤᠷᠢᠳᠠᠪᠡᠷ | ᠲᠣᠭᠲᠠᠭᠠᠵᠤ᠂ ᠣᠨᠴᠠᠯᠢᠭ ᠢ ᠲᠤᠰᠬᠠᠨ᠂ ᠶᠠᠰᠤ ᠴᠢᠨᠠᠷ ᠢ ᠴᠢᠬᠤᠯᠠᠴᠢᠯᠠᠵᠤ᠂ ᠬᠠᠤᠯᠢ ᠲᠣᠭᠲᠠᠭᠠᠯᠲᠠ ᠶᠢᠨ | ᠬᠥᠲᠥᠯᠥᠨ ᠳᠠᠭᠠᠭᠤᠯᠬᠤ ᠪᠠ ᠲᠦᠯᠬᠢᠨ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠭᠤᠣᠯᠳᠠᠯᠭ᠎ᠠ ᠲᠠᠢ | ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠨ᠂ ᠡᠯ᠎ᠡ ᠲᠠᠯ᠎ᠠ ᠶᠢᠨ ᠵᠣᠬᠢᠴᠠᠩᠭᠤᠶ ᠬᠥᠭᠵᠢᠯᠲᠡ ᠶᠢ | ᠴᠢᠬᠤᠯᠠᠴᠢᠯᠠᠵᠤ᠂ ᠬᠠᠤᠯᠢ ᠲᠣᠭᠲᠠᠭᠠᠬᠤ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠬᠠᠤᠯᠢ ᠪᠠᠷ ᠣᠷᠣᠨ ᠢᠶᠠᠨ ᠪᠦᠬᠦ ᠲᠠᠯ᠎ᠠ ᠪᠠᠷ ᠵᠠᠰᠠᠬᠤ ᠶᠢ ᠠᠬᠢᠭᠤᠯᠵᠤ᠂ | ᠬᠠᠤᠯᠢ ᠪᠠᠷ ᠵᠠᠰᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ | ᠠᠬᠤᠶ ᠨᠡᠶᠢᠭᠡᠮ ᠤᠨ ᠬᠥᠭᠵᠢᠯᠲᠡ ᠳᠤ ᠬᠠᠤᠯᠢ ᠳᠦᠷᠢᠮ ᠤᠨ ᠪᠠᠲᠤᠯᠠᠭ᠎ᠠ ᠣᠯᠭᠤᠨ᠎ᠠ᠃ | ᠬᠤᠶᠠᠷ᠂ ᠲᠥᠷᠥᠯ ᠵᠦᠢᠯ ᠲᠣᠭᠲᠠᠭᠠᠬᠤ ᠦᠨᠳᠦᠰᠦᠨ ᠵᠠᠷᠴᠢᠮ | ︵ᠨᠢᠭᠡ︶ ᠠᠰᠠᠭᠤᠳᠠᠯ ᠳᠤ ᠴᠢᠭᠯᠡᠭᠦᠯᠦᠨ ᠬᠠᠤᠯᠢ ᠲᠣᠭᠲᠠᠭᠠᠨ᠎ᠠ᠃ ᠬᠠᠤᠯᠢ ᠲᠣᠭᠲᠠᠭᠠᠬᠤ ᠪᠠᠷ ᠳᠠᠮᠵᠢᠭᠤᠯᠤᠨ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠴᠢᠮ ᠱᠠᠭᠠᠷᠳᠠᠭᠳᠠᠵᠤ ᠪᠠᠶᠢᠬᠤ | ᠪᠥᠭᠡᠳ ᠬᠠᠷᠢᠶᠠᠯᠠᠬᠤ ᠬᠠᠤᠯᠢ ᠳᠤ ᠲᠣᠭᠲᠠᠭᠠᠭᠰᠠᠨ ᠤᠢᠭᠡᠢ ᠪᠤᠶᠤ ᠲᠣᠭᠲᠠᠭᠠᠭᠰᠠᠨ ᠨᠢ ᠪᠣᠳᠠᠲᠠᠶ ᠪᠢᠰᠢ᠂ | ᠬᠡᠷᠡᠭᠵᠢᠭᠦᠯᠬᠦ ᠳᠤ ᠳᠥᠭᠦᠮ ᠦᠭᠡᠢ ᠠᠰᠠᠭᠤᠳᠠᠯ ᠤᠳ ᠢ ᠦᠨᠡᠨ ᠬᠦ ᠰᠢᠢᠳᠪᠦᠷᠢᠯᠡᠨ᠎ᠡ᠃ ᠬᠠᠷᠢᠶᠠᠯᠠᠬᠤ ᠬᠠᠤᠯᠢ ᠶᠢ | ᠴᠢᠩᠭ᠎ᠠ ᠬᠡᠷᠡᠭᠵᠢᠭᠦᠯᠬᠦ ᠪᠠᠷ ᠳᠠᠮᠵᠢᠭᠤᠯᠤᠨ ᠰᠢᠢᠳᠪᠦᠷᠢᠯᠡᠵᠦ ᠪᠣᠯᠬᠤ ᠠᠰᠠᠭᠤᠳᠠᠯ᠂ ᠡᠰᠡᠬᠦᠯ᠎ᠡ ᠪᠤᠰᠤᠳ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢᠶᠠᠷ ᠲᠣᠬᠢᠷᠠᠭᠤᠯᠤᠨ ᠵᠢᠷᠤᠮᠵᠢᠭᠤᠯᠵᠤ ᠪᠣᠯᠬᠤ ᠶᠢ ᠨᠢ ᠬᠠᠤᠯᠢ | ᠲᠣᠭᠲᠠᠭᠠᠬᠤ ᠲᠥᠯᠥᠪᠯᠡᠭᠡ ᠳᠤ ᠣᠷᠣᠭᠤᠯᠬᠤ ᠦᠭᠡᠢ᠃ | ︵ᠬᠤᠶᠠᠷ︶ ᠣᠷᠣᠨ ᠨᠤᠲᠤᠭ ᠤᠨ ᠣᠨᠴᠠᠯᠢᠭ ᠪᠣᠯᠣᠨ ᠦᠨᠳᠦᠰᠦᠲᠡᠨ ᠤ ᠣᠨᠴᠠᠯᠢᠭ ᠢ ᠲᠣᠪᠤᠶᠢᠯᠭᠠᠨ᠎ᠠ᠃ | ᠳᠤᠷᠠᠳᠤᠭᠰᠠᠨ ᠬᠠᠤᠯᠢ ᠲᠣᠭᠲᠠᠭᠠᠬᠤ ᠰᠠᠨᠠᠭᠤᠯᠭ᠎ᠠ ᠨᠢ ᠨᠡᠯᠢᠶᠡᠳ ᠴᠢᠩᠭ᠎ᠠ ᠣᠷᠣᠨ ᠨᠤᠲᠤᠭ ᠤᠨ ᠣᠨᠴᠠᠯᠢᠭ ᠪᠣᠯᠣᠨ | ᠦᠨᠳᠦᠰᠦᠲᠡᠨ ᠤ ᠣᠨᠴᠠᠯᠢᠭ ᠲᠠᠢ ᠪᠠᠶᠢᠬᠤ ᠬᠡᠷᠡᠭᠲᠡᠢ᠂ ᠣᠷᠣᠨ ᠨᠤᠲᠤᠭ ᠤᠨ ᠬᠡᠷᠡᠭ ᠶᠠᠪᠤᠳᠠᠯ ᠳᠤ ᠬᠠᠷᠢᠶᠠᠯᠠᠭᠳᠠᠬᠤ | ᠪᠥᠭᠡᠳ ᠤᠯᠤᠰ ᠠᠴᠠ ᠲᠦᠷ ᠬᠠᠤᠯᠢ ᠲᠣᠭᠲᠠᠭᠠᠬᠤ ᠦᠭᠡᠢ ᠵᠦᠢᠯᠡᠰ ᠢ ᠬᠠᠤᠯᠢ ᠲᠣᠭᠲᠠᠭᠠᠬᠤ ᠲᠥᠯᠥᠪᠯᠡᠭᠡ ᠶᠢ | ᠨᠠᠶᠢᠷᠠᠭᠤᠯᠤᠨ ᠵᠣᠬᠢᠶᠠᠬᠤ ᠭᠤᠣᠯᠳᠠᠯᠭ᠎ᠠ ᠪᠣᠯᠭᠠᠨ᠎ᠠ᠃ | ︵ᠭᠤᠷᠪᠠ︶ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠶᠢ ᠪᠠᠲᠤᠯᠠᠨ᠎ᠠ᠃ ᠬᠠᠷᠢᠶᠠᠯᠠᠬᠤ ᠬᠠᠤᠯᠢ ᠶᠢᠨ | ᠬᠡᠷᠡᠭᠵᠢᠭᠦᠯᠦᠯᠲᠡ ᠶᠢ ᠪᠠᠲᠤᠯᠠᠬᠤ ᠶᠢᠨ ᠲᠤᠰᠠᠳᠠ ᠡᠷᠬᠡᠪᠰᠢ ᠨᠠᠷᠢᠯᠢᠭᠵᠢᠭᠤᠯᠤᠨ ᠨᠥᠬᠦᠪᠦᠷᠢᠯᠡᠬᠦ ᠡᠰᠡᠬᠦᠯ᠎ᠡ ᠬᠠᠤᠯᠢ | ᠴᠠᠭᠠᠵᠠ ᠠᠴᠠ ᠡᠷᠬᠡ ᠣᠯᠭᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠲᠣᠭᠲᠠᠭᠠᠬᠤ ᠶᠣᠰᠤᠲᠠᠢ ᠶᠢ | ᠨᠢ ᠲᠥᠷᠥᠯ ᠵᠦᠢᠯ ᠲᠣᠭᠲᠠᠭᠠᠬᠤ ᠱᠠᠭᠠᠷᠳᠠᠯᠭ᠎ᠠ ᠳᠤᠷᠠᠳᠴᠦ ᠪᠣᠯᠣᠨ᠎ᠠ᠃ ᠬᠠᠷᠢᠶᠠᠯᠠᠬᠤ ᠬᠠᠤᠯᠢ ᠳᠤ ᠨᠡᠯᠢᠶᠡᠳ | ᠨᠠᠷᠢᠨ ᠪᠣᠳᠠᠲᠠᠶ ᠲᠣᠭᠲᠠᠭᠠᠭᠰᠠᠨ ᠪᠤᠶᠤ ᠨᠢᠭᠡᠨᠲᠡ ᠬᠡᠷᠡᠭᠵᠢᠭᠦᠯᠬᠦ ᠴᠢᠨᠠᠷᠲᠠᠶ ᠵᠠᠰᠠᠭ ᠵᠠᠬᠢᠷᠭᠠᠨ ᠤ ᠬᠠᠤᠯᠢ ᠲᠣᠭᠲᠠᠭᠠᠯ | ᠢ ᠪᠣᠯ ᠬᠠᠤᠯᠢ ᠲᠣᠭᠲᠠᠭᠠᠬᠤ ᠲᠥᠯᠥᠪᠯᠡᠭᠡ ᠳᠤ ᠣᠷᠣᠭᠤᠯᠬᠤ ᠦᠭᠡᠢ᠃ | ︵ᠲᠦᠷᠪᠡ︶ ᠲᠣᠭᠲᠠᠭᠠᠬᠤ᠂ ᠥᠭᠡᠷᠡᠴᠢᠯᠡᠬᠦ᠂ ᠬᠦᠴᠦᠨ ᠦᠭᠡᠢ ᠪᠣᠯᠭᠠᠬᠤ᠂ ᠲᠠᠶᠢᠯᠪᠤᠷᠢᠯᠠᠬᠤ ᠶᠢ ᠵᠡᠷᠭᠡ ᠪᠠᠷ | ᠬᠡᠷᠡᠭᠵᠢᠭᠦᠯᠬᠦ ᠶᠢ ᠪᠠᠷᠢᠮᠲᠠᠯᠠᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ | ᠴᠠᠭᠠᠵᠠ ᠶᠢᠨ ᠰᠢᠰᠲ᠋ᠧᠮᠵᠢ ᠶᠢ ᠬᠦᠭᠵᠢᠭᠦᠯᠦᠨ ᠪᠦᠷᠢᠨᠰᠢᠭᠦᠯᠬᠦ ᠱᠠᠭᠠᠷᠳᠠᠯᠭ᠎ᠠ ᠶᠣᠰᠣᠭᠠᠷ᠂ ᠬᠠᠷᠢᠶᠠᠯᠠᠬᠤ ᠬᠠᠤᠯᠢ ᠶᠢᠨ | ᠲᠣᠭᠲᠠᠭᠠᠯ ᠲᠠᠢ ᠨᠢᠭᠡᠳᠦᠯ ᠦᠭᠡᠢ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠭᠠᠷᠳᠠᠯᠭ᠎ᠠ ᠳᠤ | ᠨᠡᠶᠢᠴᠡᠬᠦ ᠦᠭᠡᠢ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ | ᠪᠠᠶᠢᠳᠠᠯ ᠳᠤ ᠵᠣᠬᠢᠴᠠᠬᠤ ᠦᠭᠡᠢ ᠬᠠᠤᠯᠢ ᠲᠣᠭᠲᠠᠭᠠᠯ ᠤᠳ ᠢ ᠴᠠᠭ ᠲᠤᠬᠠᠶ ᠳᠤᠨᠢ ᠵᠠᠰᠠᠪᠤᠷᠢ ᠣᠷᠣᠭᠤᠯᠬᠤ ᠪᠠ | ᠬᠦᠴᠦᠨ ᠤᠢᠭᠡᠢ ᠪᠣᠯᠭᠠᠨ᠎ᠠ᠃ ᠡᠯ᠎ᠡ ᠬᠤᠯᠪᠣᠭᠳᠠᠯ ᠪᠥᠬᠦᠢ ᠰᠠᠯᠠᠭ᠎ᠠ ᠮᠦᠴᠢᠷ ᠤᠳ ᠲᠤᠰ ᠰᠢᠰᠲ᠋ᠧᠮ ᠤᠨ ᠬᠠᠤᠯᠢ | ᠲᠣᠭᠲᠠᠭᠠᠯ ᠢ ᠢᠯᠭᠠᠷᠠᠭᠤᠯᠤᠨ ᠴᠡᠭᠴᠡᠯᠡᠵᠦ᠂ ᠵᠠᠰᠠᠪᠤᠷᠢ ᠣᠷᠣᠭᠤᠯᠬᠤ᠂ ᠬᠦᠴᠦᠨ ᠦᠭᠡᠶ ᠪᠣᠯᠭᠠᠬᠤ ᠰᠠᠨᠠᠭᠤᠯᠭ᠎ᠠ | ᠳᠤᠷᠠᠳᠬᠤ ᠬᠡᠷᠡᠭᠲᠡᠢ᠃ | ︵ᠲᠠᠪᠤ︶ ᠲᠥᠯᠥᠪᠯᠡᠭᠡ ᠶᠢ ᠵᠣᠯᠭᠠᠭᠤᠯᠬᠤ ᠠᠵᠢᠯ ᠢ ᠰᠠᠶᠢᠲᠤᠷ ᠬᠢᠨ᠎ᠡ᠃ ᠬᠠᠤᠯᠢ ᠲᠣᠭᠲᠠᠭᠠᠬᠤ | ᠰᠠᠨᠠᠭᠤᠯᠭ᠎ᠠ ᠶᠢᠨ ᠲᠥᠷᠥᠯ ᠵᠦᠢᠯ ᠢ ᠲᠤᠬᠢᠷᠠᠭᠤᠯᠤᠯᠳᠠ ᠬᠢᠭᠰᠡᠨ ᠤ ᠳᠠᠷᠠᠭᠠᠬᠢ ᠪᠠᠶᠢᠩᠭᠤ ᠶᠢᠨ ᠬᠤᠷᠢᠶ᠎ᠠ ᠶᠢᠨ ᠬᠠᠤᠯᠢ | ᠲᠣᠭᠲᠠᠭᠠᠬᠤ ᠲᠥᠯᠥᠪᠵᠢᠭᠦᠯᠭᠡ ᠪᠣᠯᠣᠨ 2016 ᠣᠨ ᠤ ᠬᠠᠤᠯᠢ ᠲᠣᠭᠲᠠᠭᠠᠬᠤ ᠲᠥᠯᠥᠪᠯᠡᠭᠡ ᠲᠠᠢ | ᠵᠣᠯᠭᠠᠯᠳᠤᠭᠤᠯᠬᠤ ᠬᠡᠷᠡᠭᠲᠡᠶ᠃ ᠬᠠᠤᠯᠢ ᠲᠣᠭᠲᠠᠭᠠᠬᠤ ᠲᠥᠯᠥᠪᠵᠢᠭᠦᠯᠭᠡ ᠪᠣᠯᠣᠨ 2016 ᠣᠨ ᠤ ᠬᠠᠤᠯᠢ | ᠲᠣᠭᠲᠠᠭᠠᠬᠤ ᠲᠥᠯᠥᠪᠯᠡᠭᠡ ᠶᠢᠨ ᠪᠡᠶᠡᠯᠡᠭᠦᠯᠦᠭᠡᠳᠦᠢ ᠲᠥᠷᠥᠯ ᠵᠦᠢᠯ ᠵᠢᠴᠢ ᠪᠠᠶᠢᠴᠠᠭᠠᠨ ᠰᠤᠳᠤᠯᠤᠯᠲᠠ ᠬᠢᠬᠦ ᠲᠥᠷᠥᠯ | ᠵᠦᠢᠯ ᠳᠠᠬᠢ ᠬᠠᠤᠯᠢ ᠲᠣᠭᠲᠠᠭᠠᠬᠤ ᠪᠡᠯᠡᠳᠬᠡᠯ ᠨᠢ ᠭᠦᠢᠴᠡᠳ ᠪᠦᠭᠡᠳ ᠬᠠᠤᠯᠢ ᠲᠣᠭᠲᠠᠭᠠᠬᠤ ᠨᠥᠬᠦᠴᠡᠯ ᠢ | ᠪᠦᠷᠢᠯᠳᠦᠭᠦᠯᠦᠭᠰᠡᠨ ᠢ ᠨᠢ ᠬᠠᠤᠯᠢ ᠲᠣᠭᠲᠠᠭᠠᠬᠤ ᠲᠥᠯᠥᠪᠯᠡᠭᠡ ᠳᠤ ᠡᠩ ᠲᠡᠷᠢᠭᠦᠨ ᠳᠤ ᠵᠢᠭᠰᠠᠭᠠᠬᠤ ᠬᠡᠷᠡᠭᠲᠡᠢ᠃ | ᠭᠤᠷᠪᠠ᠂ ᠲᠥᠷᠥᠯ ᠵᠦᠢᠯ ᠤᠨ ᠠᠩᠭᠢᠯᠠᠯ | 2017 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢᠨ ᠲᠥᠷᠥᠯ ᠵᠦᠢᠯ ᠢ ᠬᠢᠨᠠᠨ ᠵᠥᠪᠯᠡᠬᠦ ᠲᠥᠷᠥᠯ | ᠵᠦᠢᠯ᠂ ᠪᠠᠶᠢᠴᠠᠭᠠᠨ ᠰᠤᠳᠤᠯᠬᠤ ᠲᠥᠷᠥᠯ ᠵᠦᠢᠯ ᠪᠠ ᠬᠢᠨᠠᠨ ᠪᠠᠶᠢᠴᠠᠭᠠᠵᠤ ᠵᠥᠪᠰᠢᠶᠡᠷᠡᠬᠦ ᠲᠥᠷᠥᠯ ᠵᠦᠢᠯ ᠭᠡᠵᠦ | ᠭᠤᠷᠪᠠ ᠬᠤᠪᠢᠶᠠᠨ᠎ᠠ᠃ | ︵ᠨᠢᠭᠡ︶ ᠬᠢᠨᠠᠨ ᠵᠥᠪᠯᠡᠬᠦ ᠲᠥᠷᠥᠯ ᠵᠦᠢᠯ᠄ ᠬᠠᠤᠯᠢ ᠲᠣᠭᠲᠠᠭᠠᠬᠤ ᠴᠢᠬᠤᠯᠠ ᠴᠢᠨᠠᠷ ᠲᠠᠢ ᠪᠠ | ᠬᠡᠷᠡᠭᠵᠢᠭᠦᠯᠦᠭᠦᠰᠢᠲᠡᠢ ᠴᠢᠨᠠᠷ ᠤᠨ ᠨᠤᠲᠠᠯᠠᠯ ᠢᠶᠠᠷ ᠬᠢᠭᠰᠡᠨ ᠪᠦᠭᠡᠳ ᠨᠡᠯᠢᠶᠡᠳ ᠪᠣᠯᠪᠠᠰᠤᠷᠠᠩᠭᠤᠶ ᠬᠠᠤᠯᠢ | ᠲᠣᠭᠲᠠᠭᠠᠯ ᠤᠨ ᠲᠣᠪᠬᠢᠮᠠᠯ ᠲᠠᠢ ᠪᠠᠶᠢᠵᠤ᠂ ᠲᠥᠯᠥᠪᠯᠡᠭᠡ ᠶᠣᠰᠣᠭᠠᠷ ᠴᠠᠭ ᠲᠤᠬᠠᠶ ᠳᠤᠨᠢ ᠬᠢᠨᠠᠨ ᠪᠠᠶᠢᠴᠠᠭᠠᠬᠤ | ᠪᠠᠶᠢᠭᠤᠯᠭ᠎ᠠ᠂ ᠰᠠᠨᠠᠯ ᠳᠤᠷᠠᠳᠤᠯᠭ᠎ᠠ ᠶᠢᠨ ᠪᠠᠶᠢᠭᠤᠯᠭ᠎ᠠ ᠳᠤ ᠬᠠᠤᠯᠢ ᠲᠣᠭᠲᠠᠭᠠᠯ ᠤᠨ ᠲᠥᠰᠦᠯ ᠢᠶᠠᠷ ᠳᠤᠷᠠᠳᠴᠤ | ᠳᠡᠶᠢᠯᠬᠦ ᠲᠥᠷᠥᠯ ᠵᠦᠢᠯ ᠪᠣᠯᠣᠨ᠎ᠠ᠃ | ︵ᠬᠤᠶᠠᠷ︶ ᠪᠠᠶᠢᠴᠠᠭᠠᠨ ᠰᠤᠳᠤᠯᠬᠤ ᠲᠥᠷᠥᠯ ᠵᠦᠢᠯ᠄ ᠬᠠᠤᠯᠢ ᠲᠣᠭᠲᠠᠭᠠᠬᠤ ᠴᠢᠬᠤᠯᠠ ᠴᠢᠨᠠᠷ ᠲᠠᠢ | ᠪᠦᠭᠡᠳ ᠦᠷᠭᠦᠯᠵᠢᠯᠡᠨ ᠪᠦᠷᠢᠨᠰᠢᠭᠦᠯᠬᠦ ᠴᠢᠬᠤᠯᠠ ᠲᠠᠢ ᠬᠠᠤᠯᠢ ᠲᠣᠭᠲᠠᠭᠠᠯ ᠤᠨ ᠲᠣᠪᠬᠢᠮᠠᠯ ᠪᠤᠶᠤ ᠴᠢᠬᠤᠯᠠ | ᠠᠰᠠᠭᠤᠳᠠᠯ ᠳᠤ ᠤᠯᠠᠮ ᠨᠢᠭᠡ ᠠᠯᠬᠤᠮ ᠪᠠᠶᠢᠴᠠᠭᠠᠨ ᠰᠤᠳᠤᠯᠤᠯᠲᠠ ᠬᠢᠵᠦ ᠨᠤᠲᠠᠯᠠᠬᠤ ᠴᠢᠬᠤᠯᠠᠲᠠᠢ ᠪᠣᠯ᠂ | ᠪᠠᠶᠢᠴᠠᠭᠠᠨ ᠰᠤᠳᠤᠯᠵᠤ ᠲᠤᠭᠤᠷᠪᠢᠭᠰᠠᠨ ᠪᠠᠶᠢᠳᠠᠯ ᠢ ᠦᠨᠳᠦᠰᠦᠯᠡᠨ ᠳᠠᠷᠠᠭ᠎ᠠ ᠵᠢᠯ ᠤᠨ ᠬᠠᠤᠯᠢ ᠲᠣᠭᠲᠠᠭᠠᠬᠤ | ᠲᠥᠯᠥᠪᠯᠡᠭᠡ ᠳᠤ ᠣᠷᠣᠭᠤᠯᠬᠤ ᠡᠰᠡᠬᠦ ᠶᠢ ᠲᠣᠭᠲᠠᠭᠠᠨ᠎ᠠ᠃ ᠴᠢᠬᠤᠯᠠ ᠲᠠᠢ ᠦᠶ᠎ᠡ ᠳᠤ᠂ ᠲᠤᠰ ᠵᠢᠯ ᠤᠨ ᠬᠢᠨᠠᠨ | ᠵᠥᠪᠯᠡᠬᠦ ᠳᠤ ᠲᠣᠬᠢᠷᠠᠭᠤᠯᠵᠤ ᠴᠦ ᠪᠣᠯᠤᠨ᠎ᠠ᠃ | ︵ᠭᠤᠷᠪᠠ︶ ᠬᠢᠨᠠᠨ ᠪᠠᠶᠢᠴᠠᠭᠠᠵᠤ ᠵᠥᠪᠰᠢᠶᠡᠷᠡᠬᠦ ᠲᠥᠷᠥᠯ ᠵᠦᠢᠯ᠄ ᠡᠯ᠎ᠡ ᠲᠣᠭᠤᠷᠢᠭ ᠲᠠᠢ ᠬᠤᠳᠠ ᠪᠠ | ᠥᠪᠡᠷᠲᠡᠭᠡᠨ ᠵᠠᠰᠠᠬᠤ ᠬᠤᠰᠢᠭᠤ ᠶᠢᠨ ᠳᠤᠷᠠᠳᠤᠭᠰᠠᠨ ᠬᠠᠤᠯᠢ ᠲᠣᠭᠲᠠᠭᠠᠬᠤ ᠲᠥᠯᠥᠪᠯᠡᠭᠡ᠃ | ᠳᠥᠷᠪᠡ᠂ ᠮᠡᠳᠡᠭᠦᠯᠦᠨ ᠬᠦᠷᠭᠡᠬᠦ ᠱᠠᠭᠠᠷᠳᠠᠯᠭ᠎ᠠ | ︵ᠨᠢᠭᠡ︶ ᠲᠥᠷᠥᠯ ᠵᠦᠢᠯ ᠲᠣᠭᠲᠠᠭᠠᠬᠤ ᠰᠠᠨᠠᠭᠤᠯᠭ᠎ᠠ ᠶᠢᠨ ᠮᠡᠳᠡᠭᠦᠯᠦᠯᠲᠡ ᠶᠢᠨ ᠪᠢᠴᠢᠭ᠃ ᠬᠠᠤᠯᠢ | ᠲᠣᠭᠲᠠᠭᠠᠯ ᠤᠨ ᠲᠥᠷᠥᠯ ᠵᠦᠢᠯ ᠨᠢᠭᠡᠪᠦᠷᠢ ᠶᠢᠨ ᠰᠠᠨᠠᠭᠤᠯᠭ᠎ᠠ ᠳᠤ ᠮᠡᠳᠡᠭᠦᠯᠦᠯᠲᠡ ᠶᠢᠨ ᠪᠢᠴᠢᠭ ᠢ ᠲᠤᠰ ᠢᠶᠠᠷ ᠨᠢ | ᠳᠤᠷᠠᠳᠤᠨ᠎ᠠ᠂ ᠲᠥᠷᠥᠯ ᠵᠦᠢᠯ ᠲᠣᠭᠲᠠᠭᠠᠬᠤ ᠰᠠᠨᠠᠭᠤᠯᠭ᠎ᠠ ᠶᠢᠨ ᠮᠡᠳᠡᠭᠦᠯᠦᠯᠲᠡ ᠶᠢᠨ ᠪᠢᠴᠢᠭ ᠤᠨ ᠭᠤᠣᠯ ᠠᠭᠤᠯᠭ᠎ᠠ | ᠳᠤ᠄ 1᠂ ᠬᠠᠤᠯᠢ ᠲᠣᠭᠲᠠᠭᠠᠬᠤ ᠵᠣᠷᠢᠯᠭ᠎ᠠ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ ᠪᠠ ᠴᠢᠬᠤᠯᠠ ᠴᠢᠨᠠᠷ︔ | 2᠂ ᠬᠠᠤᠯᠢ ᠲᠣᠭᠲᠠᠭᠠᠯ ᠢᠶᠠᠷ ᠰᠢᠢᠳᠪᠦᠷᠢᠯᠡᠬᠦ ᠭᠤᠣᠯ ᠠᠰᠠᠭᠤᠳᠠᠯ ᠢ ᠵᠢᠭᠰᠠᠭᠠᠵᠤ᠂ ᠣᠳᠣᠬᠠᠨ ᠳᠤ ᠶᠠᠮᠠᠷ ᠶᠠᠮᠠᠷ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠳᠤ ᠡᠳᠡᠭᠡᠷ ᠠᠰᠠᠭᠤᠳᠠᠯ ᠬᠤᠯᠪᠣᠭᠳᠠᠵᠤ ᠪᠠᠶᠢᠬᠤ ᠶᠢ ᠲᠣᠳᠣᠷᠬᠠᠶᠢᠯᠠᠵᠤ᠂ ᠡᠷᠬᠡᠪᠰᠢ ᠣᠷᠣᠨ | ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠤ ᠲᠣᠬᠢᠷᠠᠭᠤᠯᠬᠤ ᠴᠢᠬᠤᠯᠠᠲᠠᠢ ᠤᠴᠢᠷ ᠰᠢᠯᠲᠠᠭᠠᠨ ᠢ ᠳᠤᠷᠠᠳᠤᠨ᠎ᠠ︔ | 3᠂ ᠬᠠᠤᠯᠢ ᠲᠣᠭᠲᠠᠭᠠᠯ ᠤᠨ ᠲᠥᠰᠦᠯ ᠢ ᠲᠤᠭᠤᠷᠪᠢᠨ ᠪᠢᠴᠢᠭᠰᠡᠨ ᠶᠠᠪᠤᠴᠠ᠂ ᠵᠣᠬᠢᠴᠠᠭᠤᠯᠤᠭᠰᠠᠨ ᠪᠠ ᠰᠠᠨᠠᠯ | ᠬᠤᠷᠢᠶᠠᠭᠰᠠᠨ ᠪᠠᠶᠢᠳᠠᠯ︔ 4᠂ ᠬᠠᠮᠢᠶ᠎ᠠ ᠪᠦᠬᠦᠢ ᠬᠠᠷᠢᠶᠠᠯᠠᠬᠤ ᠬᠠᠤᠯᠢ ᠶᠢᠨ ᠬᠠᠤᠯᠢ ᠲᠣᠭᠲᠠᠭᠠᠬᠤ ᠬᠥᠳᠡᠯᠦᠩᠭᠦᠶ | ᠪᠠᠶᠢᠳᠠᠯ︔ 5᠂ ᠬᠠᠤᠯᠢ ᠲᠣᠭᠲᠠᠭᠠᠬᠤ ᠲᠥᠯᠥᠪᠯᠡᠭᠡ ᠳᠤ ᠣᠷᠣᠭᠤᠯᠬᠤ ᠪᠠᠷ ᠪᠠᠶᠢᠭ᠎ᠠ ᠬᠠᠤᠯᠢ ᠲᠣᠭᠲᠠᠭᠠᠯ ᠤᠨ | ᠲᠥᠷᠥᠯ ᠵᠦᠢᠯ ᠢ ᠪᠠᠭᠲᠠᠭᠠᠨ᠎ᠠ᠃ ᠬᠢᠨᠠᠨ ᠵᠥᠪᠯᠡᠬᠦ ᠳᠤ ᠬᠠᠷᠢᠶᠠᠯᠠᠭᠳᠠᠬᠤ ᠲᠥᠷᠥᠯ ᠵᠦᠢᠯ ᠢ ᠬᠢᠨᠠᠨ | ᠵᠥᠪᠯᠡᠭᠦᠯᠬᠦ ᠪᠠᠷ ᠲᠥᠯᠥᠪᠯᠡᠵᠦ ᠪᠠᠶᠢᠭ᠎ᠠ ᠴᠠᠭ ᠢ ᠲᠣᠳᠣᠷᠬᠠᠶᠢᠯᠠᠭᠰᠠᠨ ᠪᠠᠶᠢᠬᠤ ᠬᠡᠷᠡᠭᠲᠡᠶ︔ 6᠂ ᠬᠠᠤᠯᠢ | ᠲᠣᠭᠲᠠᠭᠠᠯ ᠤᠨ ᠲᠣᠪᠬᠢᠮᠠᠯ ᠲᠠᠢ ᠪᠣᠯ ᠬᠠᠤᠯᠢ ᠲᠣᠭᠲᠠᠭᠠᠯ ᠤᠨ ᠲᠣᠪᠬᠢᠮᠠᠯ᠂ ᠲᠣᠳᠣᠷᠬᠠᠶᠢᠯᠠᠯᠲᠠ ᠪᠤᠶᠤ ᠬᠠᠤᠯᠢ | ᠲᠣᠭᠲᠠᠭᠠᠬᠤ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠳᠠᠭᠠᠯᠳᠤᠭᠤᠯᠬᠤ ᠬᠡᠷᠡᠭᠲᠡᠢ᠃ | ︵ᠬᠤᠶᠠᠷ︶ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠳᠤᠷᠠᠳᠤᠭᠰᠠᠨ ᠲᠥᠷᠥᠯ ᠵᠦᠢᠯ | ᠲᠣᠭᠲᠠᠭᠠᠬᠤ ᠰᠠᠨᠠᠭᠤᠯᠭ᠎ᠠ ᠶᠢᠨ ᠮᠡᠳᠡᠭᠦᠯᠦᠯᠲᠡ ᠶᠢᠨ ᠪᠢᠴᠢᠭ ᠢ 9 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠠᠤᠯᠢ ᠳᠦᠷᠢᠮ ᠤᠨ ᠠᠵᠢᠯ ᠤᠨ ᠵᠥᠪᠯᠡᠯ ︵ᠨᠢᠭᠡ ᠶᠠᠩᠵᠤ ᠶᠢᠨ 10 ᠬᠤᠪᠢ︶᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠰᠢᠰᠲ᠋ᠧᠮ ᠢᠶᠠᠷ ᠢᠶᠠᠨ ᠬᠠᠷᠢᠯᠴᠠᠬᠤ ᠠᠵᠢᠯ ᠤᠨ | ᠵᠥᠪᠯᠡᠯ ︵ᠨᠢᠭᠡ ᠶᠠᠩᠵᠤ ᠶᠢᠨ 10 ᠬᠤᠪᠢ︶ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠬᠠᠤᠯᠢ ᠳᠦᠷᠢᠮ ᠤᠨ ᠠᠯᠪᠠᠨ ᠭᠡᠷ ︵ᠨᠢᠭᠡ ᠶᠠᠩᠵᠤ ᠶᠢᠨ 10 ᠬᠤᠪᠢ︶ ᠲᠤ ᠲᠤᠰ ᠲᠤᠰ ᠳᠡᠪᠰᠢᠭᠦᠯᠬᠦ ᠬᠡᠷᠡᠭᠲᠡᠢ᠃ | ︵ᠭᠤᠷᠪᠠ︶ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ | ᠪᠠᠶᠢᠭᠤᠯᠤᠯᠲᠠ᠂ ᠨᠡᠶᠢᠭᠡᠮ ᠤᠨ ᠪᠦᠯᠬᠦᠮ ᠵᠢᠴᠢ ᠠᠷᠠᠳ ᠢᠷᠭᠡᠨ ᠬᠤᠪᠢ ᠬᠥᠮᠦᠨ ᠤ ᠳᠤᠷᠠᠳᠤᠭᠰᠠᠨ ᠲᠥᠷᠥᠯ ᠵᠦᠢᠯ | ᠲᠣᠭᠲᠠᠭᠠᠬᠤ ᠰᠠᠨᠠᠭᠤᠯᠭ᠎ᠠ ᠶᠢᠨ ᠮᠡᠳᠡᠭᠦᠯᠦᠯᠲᠡ ᠶᠢᠨ ᠪᠢᠴᠢᠭ ᠢ 9 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ | ᠠᠵᠢᠯ ᠤᠨ ᠵᠥᠪᠯᠡᠯ ᠳᠤ ᠰᠢᠭᠤᠳ ᠮᠡᠳᠡᠭᠦᠯᠦᠨ ᠬᠦᠷᠭᠡᠬᠦ ᠬᠡᠷᠡᠭᠲᠡᠶ ︵ᠨᠢᠭᠡ ᠶᠠᠩᠵᠤ ᠶᠢᠨ 10 ᠬᠤᠪᠢ︶᠃ | ᠡᠭᠦᠨ ᠳᠤ᠂ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ ᠵᠢᠴᠢ ᠪᠤᠰᠤᠳ ᠨᠡᠶᠢᠭᠡᠮ ᠤᠨ ᠪᠦᠯᠬᠦᠮ ᠤᠨ ᠳᠤᠷᠠᠳᠤᠭᠰᠠᠨ ᠲᠥᠷᠥᠯ ᠵᠦᠢᠯ ᠲᠣᠭᠲᠠᠭᠠᠬᠤ | ᠰᠠᠨᠠᠭᠤᠯᠭ᠎ᠠ ᠶᠢᠨ ᠮᠡᠳᠡᠭᠦᠯᠦᠯᠲᠡ ᠶᠢᠨ ᠪᠢᠴᠢᠭ ᠢ ᠠᠳᠠᠯᠢ ᠴᠠᠭ ᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠣᠲᠣᠭᠠᠳᠤ ᠶᠠᠪᠤᠳᠠᠯ ᠤᠨ ᠬᠠᠤᠯᠢ ᠴᠠᠭᠠᠵᠠ ᠶᠢᠨ ᠵᠥᠪᠯᠡᠯ ︵ᠨᠢᠭᠡ | ᠶᠠᠩᠵᠤ ᠶᠢᠨ 10 ᠬᠤᠪᠢ︶ ᠳᠤ ᠳᠡᠪᠰᠢᠭᠦᠯᠬᠦ ᠬᠡᠷᠡᠭᠲᠡᠢ᠃ ᠠᠷᠠᠳ ᠢᠷᠭᠡᠨ ᠤ ᠬᠤᠪᠢ ᠬᠥᠮᠦᠨ ᠤ ᠳᠤᠷᠠᠳᠤᠭᠰᠠᠨ | ᠲᠥᠷᠥᠯ ᠵᠦᠢᠯ ᠲᠣᠭᠲᠠᠭᠠᠬᠤ ᠰᠠᠨᠠᠭᠤᠯᠭ᠎ᠠ ᠶᠢᠨ ᠮᠡᠳᠡᠭᠦᠯᠦᠯᠲᠡ ᠶᠢᠨ ᠪᠢᠴᠢᠭ ᠢ ᠡᠯᠧᠺᠲᠷᠣᠨ ᠪᠢᠴᠢᠭᠯᠡᠯ ᠢᠶᠠᠷ | ᠳᠡᠪᠰᠢᠭᠦᠯᠵᠦ ᠪᠣᠯᠤᠨ᠎ᠠ᠃ | ︵ᠲᠦᠷᠪᠡ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ 10 ᠳ᠋ᠤᠭᠠᠷ | ᠰᠠᠷ᠎ᠠ ᠶᠢᠨ 20 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ | ᠳᠤᠷᠠᠳᠤᠯᠭ᠎ᠠ ᠳᠤᠷᠠᠳᠤᠭᠰᠠᠨ ᠬᠠᠤᠯᠢ ᠲᠣᠭᠲᠠᠭᠠᠬᠤ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠳᠦᠷᠢᠮ ᠤᠨ ᠠᠵᠢᠯ ᠤᠨ ᠵᠥᠪᠯᠡᠯ | ᠳᠤ ᠮᠡᠳᠡᠭᠦᠯᠬᠦ ᠬᠡᠷᠡᠭᠲᠡᠢ᠃ | ︵ᠲᠠᠪᠤ︶ ᠲᠣᠭᠤᠷᠢᠭ ᠲᠠᠢ ᠬᠤᠳᠠ ᠪᠠ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2017 ᠣᠨ ᠤ ᠬᠠᠤᠯᠢ ᠲᠣᠭᠲᠠᠭᠠᠬᠤ | ᠲᠥᠯᠥᠪᠯᠡᠭᠡ ᠶᠢ 11 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠠᠵᠢᠯ ᠤᠨ ᠵᠥᠪᠯᠡᠯ ᠳᠤ ᠮᠡᠳᠡᠭᠦᠯᠬᠦ | ᠬᠡᠷᠡᠭᠲᠡᠢ᠃ | ᠲᠠᠪᠤ᠂ ᠬᠠᠷᠢᠯᠴᠠᠬᠤ ᠠᠷᠭ᠎ᠠ | ᠬᠠᠷᠢᠯᠴᠠᠬᠤ ᠬᠥᠮᠦᠨ᠄ ᠵᠢᠶᠠᠩ ᠯᠢ ᠬᠤᠸᠠ | ᠬᠠᠷᠢᠯᠴᠠᠬᠤ ᠤᠲᠠᠰᠤ ᠄ 0471-6600643 ︵fax︶ | ᠡᠯᠧᠺᠲᠷᠣᠨ ᠰᠢᠦᠳᠠᠨ ᠬᠠᠶᠢᠷᠴᠠᠭ᠄ jlh_925319@126.com | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ | ᠲᠣᠭᠤᠷᠢᠭ ᠤᠨ ᠵᠦᠩ ᠱᠠᠨ ᠵᠡᠭᠦᠨ ᠵᠠᠮ ᠤᠨ 3 ᠳ᠋ᠤᠭᠠᠷ ᠨᠤᠮᠧᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠠᠯᠪᠠᠨ ᠲᠢᠩᠬᠢᠮ | 2016 ᠣᠨ ᠤ 8 ᠳ᠋ᠤᠭᠠᠷ ᠰᠠᠷ᠎ᠠ ᠶᠢᠨ 23 ᠤ ᠡᠳᠦᠷ |