2016 ᠣᠨ ᠤ ᠥᠪᠥᠷ ᠮᠣᠩᠭᠤᠯ ᠤᠨ ᠨᠠᠰᠤᠨ ᠳᠤ ᠬᠦᠷᠦᠭᠰᠡᠳ ᠤᠨ ᠶᠡᠭᠡ ᠳᠡᠭᠡᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ 9 ᠳ᠋ᠤᠭᠡᠷ ᠰᠠᠷ᠎ᠠ ᠶᠢᠨ 18᠎ ᠤ ᠡᠳᠦᠷ ᠨᠡᠷ᠎ᠡ ᠮᠡᠳᠡᠭᠦᠯᠦᠨ᠎ᠡ
ᠨᠡᠶᠢᠲᠡᠯᠡᠭᠰᠡᠨ ᠴᠠᠭ᠄
2016/8/29
      ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠵᠥᠪᠯᠡᠯ ᠤᠨ ᠠᠯᠪᠠᠨ ᠭᠡᠷ ᠣᠷᠴᠢᠮᠬᠠᠨ ᠳᠤ ︽ᠮᠠᠨ ᠤ ᠣᠷᠣᠨ ᠤ 2016 ᠣᠨ ᠤ ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠎ ᠢ ᠲᠠᠷᠬᠠᠭᠠᠵᠤ᠂ 2016 ᠣᠨ ᠤ ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠡᠷ᠎ᠡ ᠮᠡᠳᠡᠭᠦᠯᠬᠦ ᠨᠥᠬᠦᠴᠡᠯ᠂ ᠴᠠᠭ᠂ ᠭᠠᠵᠠᠷ ᠣᠷᠣᠨ᠂ ᠶᠠᠪᠤᠴᠠ ᠵᠢᠴᠢ ᠠᠵᠢᠯ ᠤᠨ ᠱᠠᠭᠠᠷᠳᠠᠯᠭ᠎ᠠ ᠶᠢ ᠲᠤᠲᠤᠷᠬᠠᠶᠢᠯᠠᠪᠠ᠃ 9 ᠳ᠋ᠤᠭᠡᠷ ᠰᠠᠷ᠎ᠠ ᠶᠢᠨ 18᠎ ᠤ ᠡᠳᠦᠷ ᠠᠴᠠ ᠡᠬᠢᠯᠡᠨ 9 ᠳ᠋ᠤᠭᠡᠷ ᠰᠠᠷ᠎ᠠ ᠶᠢᠨ 24᠎ ᠤ ᠡᠳᠦᠷ ᠤᠨ 17 ᠴᠠᠭ ︵ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠠᠮᠠᠷᠠᠬᠤ ᠦᠭᠡᠶ︶ ᠪᠣᠯᠲᠠᠯ᠎ᠠ ᠨᠡᠷ᠎ᠡ ᠮᠡᠳᠡᠭᠦᠯᠵᠤ ᠳᠠᠭᠤᠰᠤᠨ᠎ᠠ᠂ ᠬᠤᠭᠤᠴᠠᠭ᠎ᠠ ᠬᠡᠲᠦᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠬᠡᠢ᠃ ᠲᠠᠨᠢᠯᠴᠠᠭᠤᠯᠤᠭᠰᠠᠨ ᠢᠶᠠᠷ᠂ ᠤᠯᠤᠰ ᠠᠴᠠ ᠰᠤᠷᠤᠯᠭ᠎ᠠ ᠶᠢᠨ ᠨᠠᠮᠲᠠᠷ ᠢ ᠨᠢ ᠦᠨᠡᠮᠰᠢᠭᠰᠡᠨ ᠡᠯ᠎ᠡ ᠲᠥᠷᠥᠯ ᠤᠨ ᠦᠨᠳᠦᠷ᠂ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠨᠡᠷ᠎ᠡ ᠮᠡᠳᠡᠭᠦᠯᠵᠤ ᠪᠤᠯᠬᠤ ᠦᠭᠡᠢ᠃ ᠨᠡᠷ᠎ᠡ  ᠮᠡᠳᠡᠭᠦᠯᠦᠨ ᠰᠢᠯᠭᠠᠭᠤᠯᠤᠭᠰᠠᠳ ᠳᠣᠣᠷᠠᠬᠢ ᠨᠥᠬᠦᠴᠡᠯ ᠳᠤ ᠨᠡᠶᠢᠴᠡᠬᠦ ᠬᠡᠷᠡᠭᠲᠠᠢ᠄ 2016 ᠤᠨ ᠤ 9 ᠳ᠋ᠤᠭᠡᠷ ᠰᠠᠷ᠎ᠠ ᠶᠢᠨ 17᠎ ᠤ ᠡᠳᠦᠷ ᠪᠣᠯᠲᠠᠯ᠎ᠠ᠂ ᠮᠠᠨ ᠤ ᠣᠷᠣᠨ ᠤ ᠡᠷᠦᠬᠡ ᠠᠮᠠ ᠲᠠᠢ ᠪᠤᠶᠤ ᠮᠠᠨ ᠤ ᠣᠷᠣᠨ ᠤ ᠬᠡᠪᠴᠢᠶᠡᠨ ᠳᠣᠲᠣᠷ᠎ᠠ ᠠᠵᠢᠯ  ᠡᠷᠬᠢᠯᠡᠭᠡᠳ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ ᠠᠵᠢᠯ ᠡᠷᠬᠢᠯᠡᠬᠦ ᠭᠠᠵᠠᠷ ᠲᠤ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ︵ᠲᠦᠷᠢᠶᠡᠰᠦᠯᠡᠨ ᠰᠠᠭᠤᠬᠤ ᠪᠠᠭᠲᠠᠨ᠎ᠠ︶᠎ ᠲᠠᠢ ᠪᠥᠭᠡᠳ ᠦᠷᠭᠦᠯᠵᠢᠯᠡᠨ ᠰᠠᠭᠤᠷᠢᠰᠢᠵᠤ᠂ ᠬᠠᠤᠯᠢ ᠶᠣᠰᠣᠨ ᠤ ᠡᠷᠬᠢᠯᠡᠭᠰᠡᠨ ᠠᠵᠢᠯ ᠲᠠᠢ ᠮᠥᠷᠲᠡᠭᠡᠨ ᠭᠠᠶᠢᠯᠢ ᠲᠤᠰᠢᠶᠠᠭᠠᠳ ︵ᠡᠰᠡᠭᠦᠯ᠎ᠡ ᠤᠯᠤᠰ ᠤᠨ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ︶ ᠴᠥᠮ ᠪᠦᠬᠦᠯᠢ ᠬᠤᠶᠠᠷ ᠵᠢᠯ ᠪᠣᠯᠤᠭᠰᠠᠨ ᠪᠠᠶᠢᠬᠤ ᠬᠡᠷᠡᠭᠲᠠᠢ᠃ ᠡᠭᠦᠨ ᠳᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠵᠢᠩᠬᠢᠨᠢ ᠠᠩᠬᠢ᠂ ᠲᠤᠰᠬᠠᠶ ᠮᠡᠷᠭᠡᠵᠢᠯ ᠤᠨ ᠰᠤᠷᠭᠠᠭᠤᠯᠢ ᠳᠤ ᠳᠡᠪᠰᠢᠬᠦ ᠪᠠᠷ ᠰᠢᠯᠭᠠᠭᠤᠯᠤᠭᠰᠠᠳ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠡ᠊ᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ᠂ ᠲᠤᠰᠭᠠᠢ ᠮᠡᠷᠭᠡᠵᠢᠯ ᠤᠨ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ᠂ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠮᠡᠷᠭᠡᠵᠢᠯ ᠤᠨ ᠰᠤᠷᠭᠠᠭᠤᠯᠢ ᠵᠡᠷᠭᠡ︶᠎ ᠠᠴᠠ ᠲᠡᠭᠦᠰᠦᠭᠰᠡᠨ ᠰᠣᠶᠣᠯ ᠤᠨ ᠬᠢᠷᠢ ᠬᠡᠮᠵᠢᠶ᠎ᠡ ᠲᠠᠢ ᠪᠠᠶᠢᠬᠤ ᠬᠡᠷᠡᠭᠲᠠᠢ︔ ᠲᠤᠰᠬᠠᠶ ᠮᠡᠷᠭᠡᠵᠢᠯ ᠤᠨ ᠠᠩᠬᠢ ᠠᠴᠠ ᠵᠢᠩᠬᠢᠨᠢ ᠠᠩᠬᠢ ᠳᠤ ᠳᠡᠪᠰᠢᠬᠦ ᠪᠠᠷ ᠰᠢᠯᠭᠠᠭᠤᠯᠤᠭᠰᠠᠳ ᠡᠷᠬᠡᠪᠰᠢ ᠰᠤᠷᠭᠠᠨ ᠬᠥᠮᠦᠵᠢᠯ ᠤᠨ ᠶᠠᠮᠤᠨ ᠤ ᠬᠢᠨᠠᠨ ᠲᠤᠭᠲᠠᠭᠠᠵᠤ ᠵᠦᠪᠰᠢᠶᠡᠷᠡᠭᠰᠡᠨ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠷᠢᠰ ᠤᠨ ᠶᠡᠭᠡ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷᠲᠡᠭᠡᠨ ᠰᠣᠷᠣᠭᠰᠠᠳ ᠤᠨ ᠰᠢᠯᠭᠠᠯᠲᠠ ᠶᠢᠨ ᠪᠠᠶᠢᠭᠤᠯᠤᠮᠵᠢ ᠠᠴᠠ ᠣᠯᠭᠤᠭᠰᠠᠨ ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠦᠨᠡᠮᠯᠡᠯ᠂ ᠵᠢᠩᠬᠢᠨᠢ ᠠᠩᠭᠢ ᠶᠢᠨ ᠰᠤᠷᠤᠯᠭ᠎ᠠ ᠲᠡᠭᠦᠰᠦᠭᠰᠡᠨ ᠦᠨᠡᠮᠯᠡᠯ ᠪᠤᠶᠤ ᠲᠡᠭᠦᠨ ᠠᠴᠠ ᠳᠡᠭᠡᠭᠰᠢᠬᠢ ᠦᠨᠡᠮᠯᠡᠯ ᠤᠯᠤᠭᠰᠠᠳ ᠪᠠᠶᠢᠬᠤ ᠬᠡᠷᠡᠭᠲᠠᠢ᠃ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠦᠨ ᠰᠢᠯᠭᠠᠭᠤᠯᠤᠭᠰᠠᠳ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠪᠤᠶᠤ ᠠᠵᠢᠯ ᠡᠷᠬᠢᠯᠡᠵᠤ ᠪᠠᠶᠢᠭ᠎ᠠ ᠭᠠᠵᠠᠷ ᠤᠨ ᠬᠤᠰᠢᠭᠤ ︵ᠰᠢᠶᠠᠨ᠂ ᠬᠤᠳᠠ᠂ ᠲᠣᠭᠤᠷᠢᠭ︶᠎ ᠶᠢᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠨᠡᠷ᠎ᠡ ᠮᠡᠳᠡᠭᠦᠯᠵᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号