ᠣᠶᠢᠷ᠎ᠠ ᠳᠤ᠂ ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠠᠬᠠᠮᠠᠳ ᠺᠠᠳ᠋ᠷᠴᠤᠳ ᠤᠨ ᠲᠣᠪᠴᠢᠶ᠎ᠠ | ᠭᠠᠳᠠᠷ ᠣᠷᠣᠨ ᠳᠤ ᠰᠠᠭᠤᠷᠢᠰᠢᠵᠤ ᠪᠠᠶᠢᠭ᠎ᠠ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠠᠴᠠ ᠪᠠᠨ | ᠠᠮᠠᠷᠠᠭᠰᠠᠨ 34 ᠺᠠᠳ᠋ᠷ ᠲᠤ ᠬᠥᠮᠦᠨ ᠪᠦᠷᠢ 1500 ᠲᠥᠭᠦᠷᠢᠭ ᠤᠨ ᠡᠭᠦᠳᠡᠨ ᠡᠮᠨᠡᠯᠭᠡ ᠶᠢᠨ ᠬᠤᠪᠢ ᠬᠥᠮᠦᠨ ᠤ | ᠲᠠᠩᠰᠠᠨ ᠡᠷᠥᠭᠡ ᠶᠢᠨ ᠡᠮ ᠡᠮᠨᠡᠯᠭᠡ ᠶᠢᠨ ᠵᠠᠷᠤᠳᠠᠯ ᠤᠨ ᠨᠥᠬᠦᠪᠥᠷᠢ ᠣᠯᠭᠤᠵᠣ᠂ ᠲᠡᠳᠡᠨ ᠤ ᠣᠶᠢᠷ᠎ᠠ ᠬᠠᠪᠢ ᠶᠢᠨ | ᠲᠤᠬᠠᠢ ᠶᠢᠨ ᠭᠠᠵᠠᠷ ᠲᠠᠭᠠᠨ ᠡᠮᠨᠡᠭᠦᠯᠬᠦ ᠳᠤ ᠳᠥᠭᠦᠮ ᠦᠵᠡᠭᠦᠯᠪᠡ᠃ ᠤᠷᠳᠤᠰ ᠬᠤᠳᠠ ᠶᠢᠨ ᠰᠢᠭᠤᠳ ᠬᠠᠷᠢᠶ᠎ᠠ | ᠪᠠᠶᠢᠭᠤᠯᠭ᠎ᠠ ᠶᠢᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠭᠦᠳᠡᠨ ᠡᠮᠨᠡᠯᠭᠡ ᠶᠢᠨ ᠬᠤᠪᠢ ᠬᠥᠮᠦᠨ ᠤ | ᠳᠠᠩᠰᠠᠨ ᠡᠷᠦᠬᠡ ᠶᠢᠨ ᠡᠮ ᠡᠮᠨᠡᠯᠭᠡ ᠶᠢᠨ ᠵᠠᠷᠤᠳᠠᠯ ᠤᠨ ᠨᠥᠬᠦᠪᠥᠷᠢ ᠥᠭᠬᠦ ᠲᠥᠷᠢᠮ ᠢ 2007 ᠣᠨ ᠠᠴᠠ ᠡᠬᠢᠯᠡᠨ | ᠬᠡᠷᠡᠭᠵᠢᠭᠦᠯᠵᠦ᠂ ᠪᠠᠷᠢᠮᠵᠢᠶ᠎ᠠ ᠨᠢ ᠬᠥᠮᠦᠨ ᠪᠦᠷᠢ ᠳᠤ ᠵᠢᠯ ᠪᠦᠷᠢ 1000 ᠲᠥᠭᠦᠷᠢᠭ ᠤᠨ ᠪᠠᠷᠢᠮᠵᠢᠶ᠎ᠠ ᠪᠠᠷ ᠥᠭᠪᠡ᠃ | 2013 ᠣᠨ ᠳᠤ᠂ ᠤᠯᠠᠨ ᠲᠠᠯ᠎ᠠ ᠶᠢᠨ ᠵᠣᠬᠢᠴᠠᠭᠤᠯᠭ᠎ᠠ ᠴᠢᠷᠮᠠᠶᠢᠯᠭ᠎ᠠ ᠪᠠᠷ ᠳᠠᠮᠵᠢᠭᠤᠯᠤᠨ᠂ ᠨᠥᠬᠦᠪᠥᠷᠢ ᠶᠢᠨ | ᠪᠠᠷᠢᠮᠵᠢᠶ᠎ᠠ ᠶᠢ 1500 ᠲᠥᠭᠦᠷᠢᠭ ᠪᠣᠯᠭᠠᠨ ᠳᠡᠭᠡᠭᠰᠢᠯᠡᠭᠦᠯᠪᠡ᠃ ᠡᠨᠡ ᠨᠢ ᠠᠵᠢᠯ ᠠᠴᠠ ᠪᠠᠨ ᠠᠮᠠᠷᠠᠭᠰᠠᠨ | ᠺᠠᠳ᠋ᠷᠴᠤᠳ ᠤᠨ ᠡᠮᠨᠡᠯᠭᠡ ᠳᠤ ᠰᠠᠭᠤᠬᠤ ᠡᠮ ᠡᠮᠨᠡᠯᠭᠡ ᠶᠢᠨ ᠵᠠᠷᠤᠳᠠᠯ ᠢ ᠴᠦᠮ ᠲᠣᠭᠲᠠᠭᠠᠯ ᠶᠣᠰᠣᠭᠠᠷ ᠪᠦᠷᠢᠨ | ᠳᠠᠩᠰᠠ ᠲᠠᠶᠢᠯᠬᠤ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠠᠬᠠᠮᠠᠳ ᠨᠥᠬᠦᠷ ᠤᠨ ᠡᠪᠡᠳᠴᠢᠨ ᠢᠶᠠᠨ | ᠦᠵᠡᠭᠦᠯᠵᠦ ᠡᠮᠨᠡᠭᠦᠯᠬᠦ ᠳᠤ ᠳᠥᠭᠦᠮ ᠦᠵᠡᠭᠦᠯᠦᠭᠰᠡᠨ ᠪᠠᠰᠠ ᠨᠢᠭᠡᠨ ᠠᠷᠭ᠎ᠠ ᠬᠡᠮᠵᠢᠶ᠎ᠡ ᠪᠣᠯᠬᠤ ᠪᠥᠭᠡᠳ ᠨᠠᠮ ᠪᠣᠯᠣᠨ | ᠵᠠᠰᠠᠭ ᠤᠨ ᠣᠷᠳᠣᠨ ᠠᠴᠠ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠬᠠᠯᠠᠮᠵᠢᠯᠠᠵᠤ ᠪᠠᠶᠢᠭ᠎ᠠ ᠶᠢ ᠨᠡᠩ ᠢᠯᠡᠭᠦᠦ | ᠲᠤᠰᠬᠠᠪᠠ᠃ |