ᠠᠯᠠᠱᠠ ᠠᠶᠢᠮᠠᠭ 2016 ᠣᠨ ᠤ ᠳᠡᠭᠡᠳᠦ ᠬᠠᠭᠠᠰ ᠵᠢᠯ ᠤᠨ ᠡᠬᠢ ᠪᠠᠶᠠᠯᠢᠭ ᠤᠨ ᠲᠦᠯᠦᠪᠦᠷᠢ ᠶᠢᠨ ᠰᠦᠢᠳᠬᠡᠯ ᠤᠨ ᠲᠠᠲᠠᠪᠤᠷᠢᠯᠠᠯᠲᠠ ᠶᠢ ᠰᠢᠭᠤᠳ ᠮᠡᠳᠡᠭᠦᠯᠬᠦ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/8/3
     ᠣᠶᠢᠷ᠎ᠠ ᠳᠤ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠲᠢᠩᠬᠢᠮ ᠤᠨ ᠨᠢᠭᠡᠳᠦᠯᠲᠡᠶ ᠱᠠᠭᠠᠷᠳᠠᠯᠭ᠎ᠠ ᠶᠤᠰᠤᠭᠠᠷ᠂ ᠠᠯᠠᠱᠠ ᠠᠶᠢᠮᠠᠭ 2016 ᠣᠨ ᠤ ᠳᠡᠭᠡᠳᠦ ᠬᠠᠭᠠᠰ ᠵᠢᠯ ᠤᠨ ᠡᠬᠢ ᠪᠠᠶᠠᠯᠢᠭ ᠤᠨ ᠲᠦᠯᠦᠪᠦᠷᠢ ᠶᠢᠨ ᠰᠦᠢᠳᠬᠡᠯ ᠢ ᠰᠢᠭᠤᠳ ᠮᠡᠳᠡᠭᠦᠯᠬᠦ ᠠᠵᠢᠯ ᠢ ᠪᠡᠶᠡᠯᠡᠭᠦᠯᠦᠭᠰᠡᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠪᠦᠬᠦ ᠠᠶᠢᠮᠠᠭ ᠢᠶᠠᠷ ᠢᠶᠠᠨ 2016 ᠣᠨ ᠤ ᠳᠡᠭᠡᠳᠦ ᠬᠠᠭᠠᠰ ᠵᠢᠯ ᠤᠨ ᠡᠬᠢ ᠪᠠᠶᠠᠯᠢᠭ ᠤᠨ ᠲᠦᠯᠦᠪᠦᠷᠢ ᠶᠢᠨ ᠰᠦᠢᠳᠬᠡᠯ ᠢ ᠨᠡᠶᠢᠳᠡ 505.4555 ᠲᠦᠮᠡᠨ ᠲᠥᠭᠦᠷᠢᠭ ᠬᠦᠮᠦᠷᠭᠡ ᠳᠤ ᠤᠷᠤᠭᠤᠯᠵᠤ ︵ᠡᠭᠦᠨ ᠳᠤ᠄ ᠠᠯᠠᠱᠠ ᠵᠡᠭᠦᠨ ᠬᠤᠰᠢᠭᠤ 310.3811 ᠲᠦᠮᠡᠨ ᠲᠥᠭᠦᠷᠢᠭ᠂ ᠠᠯᠠᠱᠠ ᠪᠠᠷᠠᠭᠤᠨ ᠬᠤᠰᠢᠭᠤ 131.2454 ᠲᠦᠮᠡᠨ ᠲᠥᠭᠦᠷᠢᠭ᠂ ᠡᠵᠡᠨ᠎ᠡ ᠬᠤᠰᠢᠭᠤ 39.5000 ᠲᠦᠮᠡᠨ ᠲᠥᠭᠦᠷᠢᠭ᠂ ᠲᠩᠷᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ 24.3590 ᠲᠦᠮᠡᠨ ᠲᠥᠭᠦᠷᠢᠭ ᠤᠷᠤᠭᠤᠯᠵᠠᠢ︶᠂ ᠬᠦᠮᠦᠷᠭᠡᠯᠡᠭᠰᠡᠨ ᠲᠤᠭ᠎ᠠ ᠨᠢ 2015 ᠣᠨ ᠤ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ 91.10% ᠨᠡᠮᠡᠭᠳᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠠᠯᠠᠱᠠ ᠠᠶᠢᠮᠠᠭ ᠤᠨ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠣᠪᠴᠢᠶ᠎ᠠ ᠳᠣᠣᠷᠠᠬᠢ ᠮᠡᠲᠦ ᠬᠡᠳᠦᠨ ᠲᠠᠯ᠎ᠠ ᠪᠠᠷ ᠡᠬᠢ ᠪᠠᠶᠠᠯᠢᠭ ᠤᠨ ᠲᠦᠯᠦᠪᠦᠷᠢ ᠶᠢᠨ ᠰᠦᠢᠳᠬᠡᠯ ᠢ ᠲᠠᠲᠠᠪᠤᠷᠢᠯᠠᠵᠤ ᠬᠠᠮᠢᠶᠠᠷᠬᠤ ᠠᠵᠢᠯ ᠢ ᠴᠢᠩᠭᠠᠳᠬᠠᠬᠤ ᠪᠠᠷ ᠪᠠᠶᠢᠨ᠎ᠠ᠄ ᠨᠢᠭᠡ ᠳᠤ ᠤᠬᠠᠭᠤᠯᠭ᠎ᠠ ᠪᠠᠨ ᠴᠢᠩᠭᠠᠳᠬᠠᠵᠤ᠂ ᠠᠭᠤᠷᠬᠠᠶ ᠮᠠᠯᠲᠠᠬᠤ ᠡᠷᠬᠡᠲᠦ ᠬᠥᠮᠦᠨ ᠲᠥᠯᠥᠪᠦᠷᠢ ᠲᠠᠢ ᠮᠠᠯᠲᠠᠬᠤ᠂ ᠬᠠᠤᠯᠢ ᠶᠣᠰᠣᠭᠠᠷ ᠰᠦᠢᠳᠬᠡᠯ ᠲᠤᠰᠢᠶᠠᠬᠤ ᠦᠵᠡᠯᠲᠡ ᠶᠢ ᠴᠢᠩᠭᠠᠳᠬᠠᠨ᠎ᠠ︔ ᠬᠤᠶᠠᠷ ᠲᠤ ᠲᠠᠲᠠᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠲᠠᠲᠠᠪᠤᠷᠢᠯᠠᠬᠤ ᠶᠣᠰᠣᠲᠠᠶ ᠶᠢ ᠨᠢ ᠪᠥᠬᠦᠳᠡ ᠶᠢ ᠲᠠᠲᠠᠪᠤᠷᠢᠯᠠᠨ ᠬᠤᠷᠢᠶᠠᠨ᠎ᠠ︔ ᠭᠤᠷᠪᠠ ᠳᠤ ᠬᠥᠮᠥᠷᠭᠡ ᠳᠤ ᠣᠷᠣᠭᠤᠯᠬᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠲᠠᠲᠠᠪᠤᠷᠢᠯᠠᠭᠰᠠᠨ ᠡᠬᠢ ᠪᠠᠶᠠᠯᠢᠭ ᠤᠨ ᠲᠥᠯᠥᠪᠦᠷᠢ ᠰᠦᠢᠳᠬᠡᠯ ᠢ ᠴᠠᠭ ᠲᠤᠬᠠᠶ ᠳᠤᠨᠢ ᠲᠤᠭ᠎ᠠ ᠶᠣᠰᠣᠭᠠᠷ ᠬᠦᠮᠦᠷᠭᠡᠯᠡᠬᠦ ᠶᠢ ᠪᠠᠲᠤᠯᠠᠨ᠎ᠠ᠂ ᠦᠯᠡᠳᠡᠭᠡᠨ ᠠᠪᠬᠤ᠂ ᠰᠢᠭᠤᠳ ᠬᠡᠷᠡᠭᠯᠡᠬᠦ᠂ ᠨᠡᠭᠦᠯᠭᠡᠨ ᠬᠡᠷᠡᠭᠯᠡᠬᠦ ᠵᠡᠷᠭᠡ ᠰᠠᠬᠢᠯᠭ᠎ᠠ ᠪᠠᠲᠤ ᠶᠢ ᠵᠥᠷᠢᠴᠡᠭᠰᠡᠨ ᠪᠠᠶᠢᠳᠠᠯ ᠭᠠᠷᠬᠤ ᠶᠢ ᠴᠢᠩᠭ᠎ᠠ ᠴᠠᠭᠠᠵᠠᠯᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号