ᠤᠢᠢᠷ᠎ᠠ ᠶᠢᠨ ᠵᠢᠯ ᠤᠳ ᠲᠤ᠂ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤ ᠶᠢᠨ ᠤᠯᠤᠰ ᠤᠨ | ᠭᠠᠵᠠᠷ ᠰᠢᠷᠤᠢ ᠡᠬᠢ ᠪᠠᠶᠠᠯᠢᠭ ᠤᠨ ᠲᠣᠪᠴᠢᠶ᠎ᠠ ᠨᠢ ︽ᠳᠥᠷᠪᠡᠨ ᠪᠣᠭᠤᠮᠲᠠ︾ ᠶᠢ ᠴᠢᠩᠭ᠎ᠠ ᠠᠳᠬᠤᠵᠤ ᠬᠥᠳᠡᠭᠡ | ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠪᠠ᠃ | ᠨᠢᠭᠡ ᠳᠤ ︽ᠬᠢᠨᠠᠨ ᠪᠠᠶᠢᠴᠠᠭᠠᠬᠤ ᠪᠣᠭᠤᠮᠲᠠ︾ ᠶᠢ ᠴᠢᠩᠭ᠎ᠠ ᠠᠳᠬᠤᠵᠠᠢ᠃ ︽ᠬᠥᠳᠡᠭᠡ ᠲᠣᠰᠬᠤᠨ ᠤ | ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠴᠢᠩᠭ᠎ᠠ ᠵᠢᠷᠤᠮᠯᠠᠨ᠂ | ᠵᠥᠪᠰᠢᠶᠡᠷᠡᠬᠦ ᠠᠴᠠ ᠪᠠᠨ ᠡᠮᠦᠨ᠎ᠡ ᠴᠢᠩᠭ᠎ᠠ ᠬᠢᠨᠠᠨ ᠪᠠᠶᠢᠴᠠᠭᠠᠵᠠᠢ᠃ ᠭᠠᠴᠠᠭᠠᠨ ᠤ ᠠᠷᠠᠳ ᠤᠨ ᠭᠡᠷ ᠪᠠᠷᠢᠬᠤ | ᠭᠤᠶᠤᠴᠢᠯᠠᠯ ᠢ ᠬᠦᠯᠢᠶᠡᠵᠦ ᠠᠪᠤᠭᠰᠠᠨ ᠪᠣᠯ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠭᠠᠵᠠᠷ ᠤᠨ | ᠠᠵᠢᠯᠲᠠᠳ ᠭᠠᠴᠠᠭᠠᠨ ᠤ ᠺᠠᠳ᠋ᠷ ᠲᠠᠢ ᠬᠠᠮᠲᠤ ᠲᠤᠬᠠᠶ ᠶᠢᠨ ᠭᠠᠵᠠᠷ ᠲᠤᠨᠢ ᠬᠠᠶᠢᠨ ᠰᠢᠨᠵᠢᠯᠡᠵᠦ᠂ | ᠭᠤᠶᠤᠴᠢᠯᠠᠭᠴᠢ ᠶᠢᠨ ᠪᠣᠳᠠᠲᠤ ᠪᠠᠶᠢᠳᠠᠯ ᠢ ᠨᠠᠷᠢᠨ ᠣᠶᠢᠯᠠᠭᠠᠵᠤ᠂ ᠭᠡᠷ ᠪᠠᠷᠢᠬᠤ ᠨᠥᠬᠦᠴᠡᠯ ᠳᠤ ᠨᠡᠶᠢᠴᠡᠭᠰᠡᠨ ᠪᠥᠭᠡᠳ | ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠢᠶᠠᠷ ᠪᠠᠲᠤᠯᠠᠭᠤᠯᠤᠭᠠᠳ᠂ ᠭᠠᠴᠠᠭᠠᠨ ᠳᠠᠭᠠᠨ ᠢᠯᠡ | ᠵᠠᠷᠯᠠᠭᠠᠳ ᠣᠨᠳᠣᠣ ᠰᠠᠨᠠᠯ ᠥᠭᠡᠢ ᠪᠣᠯ ᠰᠠᠶ᠋ᠢ ᠲᠠᠷᠢᠶᠠᠴᠢᠳ ᠤᠨ ᠭᠡᠷ ᠪᠠᠶᠢᠰᠢᠩ ᠪᠠᠷᠢᠬᠤ ᠶᠢ ᠬᠢᠨᠠᠨ ᠵᠥᠪᠰᠢᠶᠡᠷᠡᠬᠦ | ᠬᠦᠰᠦᠨᠦᠭᠲᠦ ᠶᠢ ᠲᠠᠭᠯᠠᠭᠤᠯᠵᠠᠢ᠃ | ᠬᠤᠶᠠᠷ ᠲᠤ ︽ᠲᠥᠯᠥᠪᠵᠢᠭᠦᠯᠭᠡ ᠶᠢᠨ ᠪᠣᠭᠤᠮᠲᠠ︾ ᠶᠢ ᠴᠢᠩᠭ᠎ᠠ ᠠᠳᠬᠤᠵᠠᠢ᠃ ᠲᠥᠯᠥᠪᠵᠢᠭᠦᠯᠭᠡ ᠶᠢᠨ | ᠣᠷᠣᠨ ᠳᠣᠲᠣᠷ᠎ᠠ ᠬᠥᠳᠡᠭᠡ ᠲᠣᠰᠬᠤᠨ ᠤ ᠭᠠᠴᠠᠭᠠᠨ ᠤ ᠠᠷᠠᠳ ᠭᠡᠷ ᠪᠠᠶᠢᠰᠢᠩ ᠪᠠᠷᠢᠬᠤ ᠳᠤ᠂ ᠡᠷᠬᠡᠪᠰᠢ ᠤᠷᠢᠳᠠᠪᠠᠷ | ᠰᠤᠮᠤ ᠪᠠᠯᠭᠠᠰᠤᠨ ᠤ ᠵᠠᠰᠠᠭ ᠤᠨ ᠣᠷᠳᠣᠨ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠭᠠᠵᠠᠷ ᠵᠢᠴᠢ | ᠭᠠᠴᠠᠭᠠᠨ ᠠᠴᠠ ᠨᠢ ᠭᠡᠷ ᠪᠠᠷᠢᠬᠤ ᠪᠣᠳᠠᠲᠠᠶ ᠲᠥᠯᠥᠪᠵᠢᠭᠦᠯᠭᠡ ᠲᠣᠭᠲᠠᠭᠠᠨ ᠥᠭᠴᠦ᠂ ᠲᠠᠷᠢᠶᠠᠴᠢᠨ ᠤ ᠣᠷᠣᠨ | ᠰᠠᠭᠤᠴᠠ ᠨᠢᠭᠡᠪᠦᠷᠢ ᠶᠢ ᠴᠥᠮ ᠭᠠᠴᠠᠭᠠᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ | ᠱᠠᠭᠠᠷᠳᠠᠯᠭ᠎ᠠ ᠲᠠᠢ ᠨᠡᠶᠢᠴᠡᠭᠦᠯᠬᠦ ᠶᠢ ᠪᠠᠲᠤᠯᠠᠵᠠᠢ᠃ | ᠭᠤᠷᠪᠠ ᠳᠤ ︽ᠳᠡᠰ ᠳᠠᠷᠠᠭᠠᠯᠠᠯ ᠤᠨ ᠪᠣᠭᠤᠮᠲᠠ︾ ᠶᠢ ᠴᠢᠩᠭ᠎ᠠ ᠠᠳᠬᠤᠵᠠᠢ᠃ ᠤᠯᠤᠰ ᠤᠨ ᠭᠠᠵᠠᠷ ᠰᠢᠷᠤᠢ | ᠡᠬᠢ ᠪᠠᠶᠠᠯᠢᠭ ᠤᠨ ᠭᠠᠵᠠᠷ ᠨᠢ ᠪᠤᠢ ᠪᠦᠬᠦᠢ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ ᠢ ᠡᠮᠬᠢᠳᠬᠡᠨ | ᠬᠠᠷᠠᠭᠤᠯᠤᠭᠰᠠᠨ ᠤ ᠰᠡᠭᠦᠯᠡᠷ᠂ ᠬᠤᠰᠢᠭᠤᠨ ᠤ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠥᠴᠢᠷ ᠲᠤ | ᠮᠡᠳᠡᠭᠦᠯᠦᠨ ᠬᠢᠨᠠᠨ ᠵᠥᠪᠰᠢᠶᠡᠷᠡᠭᠦᠯᠵᠡᠢ᠃ | ᠲᠦᠷᠪᠡ ᠳᠤ ︽ᠬᠢᠨᠠᠯᠲᠠ ᠲᠠᠯᠪᠢᠵᠤ ᠪᠠᠶᠢᠴᠠᠭᠠᠬᠤ ᠪᠣᠭᠤᠮᠲᠠ︾ ᠶᠢ ᠴᠢᠩᠭ᠎ᠠ ᠠᠳᠬᠤᠵᠠᠢ᠃ ᠣᠷᠣᠨ | ᠰᠠᠭᠤᠴᠠ ᠶᠢᠨ ᠭᠠᠵᠠᠷ ᠬᠢᠨᠠᠨ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠡᠢ᠃ ᠲᠤᠬᠠᠶᠢᠯᠠᠪᠠᠯ | ᠵᠥᠪᠰᠢᠶᠡᠷᠡᠬᠦ ᠠᠴᠠ ᠪᠠᠨ ᠡᠮᠦᠨ᠎ᠡ᠂ ᠲᠤᠬᠠᠶ ᠶᠢᠨ ᠭᠠᠵᠠᠷ ᠲᠤᠨᠢ ᠬᠠᠶᠢᠨ ᠰᠢᠨᠵᠢᠯᠡᠵᠦ᠂ ᠭᠡᠷ ᠪᠠᠷᠢᠬᠤ ᠨᠥᠬᠦᠴᠡᠯ ᠳᠤ | ᠨᠡᠶᠢᠴᠡᠭᠰᠡᠨ ᠡᠰᠡᠬᠦ ᠶᠢ ᠦᠵᠡᠵᠡᠢ︔ ᠵᠥᠪᠰᠢᠶᠡᠷᠡᠭᠰᠡᠨ ᠤ ᠳᠠᠷᠠᠭ᠎ᠠ᠂ ᠭᠠᠵᠠᠷ ᠰᠢᠷᠤᠢ ᠡᠬᠢ ᠪᠠᠶᠠᠯᠢᠭ ᠤᠨ ᠭᠠᠵᠠᠷ ᠤᠨ | ᠠᠵᠢᠯᠲᠠᠳ ᠭᠠᠴᠠᠭᠠᠨ ᠤ ᠺᠠᠳ᠋ᠷ ᠲᠠᠢ ᠬᠠᠮᠲᠤ ᠪᠣᠳᠠᠲᠠᠶ ᠭᠠᠵᠠᠷ ᠲᠤᠨᠢ ᠣᠴᠢᠵᠤ ᠵᠢᠷᠤᠵᠤ ᠥᠭᠴᠡᠢ︔ ᠭᠡᠷ ᠪᠠᠷᠢᠬᠤ | ᠶᠠᠪᠤᠴᠠ ᠳᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠬᠠᠢ ᠶᠢᠨ ᠭᠠᠵᠠᠷ ᠲᠤᠨᠢ ᠬᠦᠷᠴᠦ ᠬᠢᠨᠠᠨ ᠪᠠᠶᠢᠴᠠᠭᠠᠵᠤ᠂ | ᠵᠥᠪᠰᠢᠶᠡᠷᠡᠯ ᠠᠴᠠ ᠬᠡᠲᠦᠷᠡᠭᠦᠯᠦᠨ ᠡᠵᠡᠯᠡᠬᠦ᠂ ᠠᠳᠡ ᠵᠥᠪᠰᠢᠶᠡᠷᠡᠭᠰᠡᠨ ᠪᠠᠶᠢᠲᠠᠯ᠎ᠠ ᠲᠡᠨᠳᠡ ᠪᠠᠷᠢᠬᠤ ᠦᠵᠡᠭᠳᠡᠯ | ᠭᠠᠷᠬᠤ ᠶᠢ ᠰᠡᠷᠭᠡᠶᠢᠯᠡᠵᠡᠢ︔ ᠭᠡᠷ ᠪᠠᠶᠢᠰᠢᠩ ᠢ ᠪᠠᠷᠢᠵᠤ ᠪᠠᠷᠠᠭᠰᠠᠨ ᠤ ᠲᠠᠷᠠᠭ᠎ᠠ᠂ ᠪᠣᠳᠠᠲᠠᠶ ᠭᠠᠵᠠᠷ ᠲᠤᠨᠢ ᠣᠴᠢᠵᠤ | ᠳᠠᠬᠢᠨ ᠬᠠᠷᠭᠤᠭᠤᠯᠵᠤ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠦᠨᠡᠮᠯᠡᠯ ᠣᠯᠭᠤᠬᠤ ᠮᠠᠲ᠋ᠧᠷᠢᠶᠠᠯ ᠢ ᠲᠠᠭᠯᠠᠭᠤᠯᠵᠠᠢ᠃ | |