ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠨᠡᠷᠡᠰ ᠪᠠ ᠳᠦᠷᠦᠯ ᠵᠦᠢᠯ ᠪᠠᠶᠢᠭᠤᠯᠬᠤ ᠨᠡᠷᠡᠰ ᠢ ᠨᠡᠶᠢᠲᠡᠯᠡᠪᠡ
ᠨᠡᠶᠢᠲᠡᠯᠡᠭᠰᠡᠨ ᠴᠠᠭ᠄
2016/8/30
     ᠥᠪᠥᠷ ᠮᠣᠩᠭᠤᠯ ᠤᠨ ᠲᠤᠮᠤ ᠪᠠᠭᠤᠷᠢ ᠨᠤᠭᠤᠳ ᠢ ᠬᠠᠮᠠᠭᠠᠯᠠᠬᠤ ᠠᠵᠢᠯ ᠢ ᠲᠦᠯᠬᠢᠨ ᠠᠬᠢᠭᠤᠯᠵᠤ᠂ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠪᠥᠳᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠪᠣᠯᠤᠨ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠲᠥᠷᠥ ᠵᠦᠢᠯ ᠪᠠᠶᠢᠭᠤᠯᠬᠤ ᠨᠡᠷᠡᠰ ᠢ ᠦᠨᠡᠯᠡᠨ ᠵᠥᠪᠳᠡᠬᠦ ᠠᠵᠢᠯ ᠢ ᠦᠷᠨᠢᠭᠦᠯᠦᠭᠰᠡᠨ ᠪᠥᠭᠡᠳ ᠬᠥᠬᠡᠬᠤᠲᠠ ᠶᠢᠨ ᠬᠤᠷᠢᠨᠭᠡᠷ ᠰᠢᠶᠠᠨ ᠤ ᠲᠦ᠋ ᠴᠧᠩᠽᠢ ᠡᠷᠲᠡᠨ ᠤ ᠬᠤᠲᠠ ᠶᠢᠨ ᠪᠠᠭᠤᠷᠢ ᠵᠡᠷᠭᠡ 10 ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ ᠥᠪᠡᠷᠲᠡᠭᠡᠨ ᠵᠠᠰᠠᠬᠤ ᠣᠷᠣᠨ ᠤ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠨᠡᠷᠡᠰ ᠲᠤ ᠵᠢᠭᠰᠠᠭᠠᠵᠤ᠂ ᠬᠥᠬᠡᠬᠤᠲᠠ ᠶᠢᠨ ᠹᠸᠡᠭ ᠵᠧᠤ ᠬᠤᠲᠠ ᠶᠢᠨ ᠪᠠᠭᠤᠷᠢ ᠵᠡᠷᠭᠡ 10 ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ ᠥᠪᠡᠷᠲᠡᠭᠡᠨ ᠵᠠᠰᠠᠬᠤ ᠣᠷᠣᠨ ᠤ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠪᠠᠶᠢᠭᠤᠯᠬᠤ ᠨᠡᠷᠡᠰ ᠲᠤ ᠵᠢᠭᠰᠠᠭᠠᠬᠤ ᠪᠠᠷ ᠲᠣᠭᠲᠠᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢ ᠰᠤᠳᠤᠯᠤᠯ ᠤᠨ ᠪᠠᠭᠤᠷᠢ ᠶᠢᠨ 10 ᠴᠡᠴᠡᠷᠯᠢᠭ ᠨᠢ᠄ ᠥᠪᠥᠷ ᠮᠣᠩᠭᠤᠯ ᠤᠨ ᠮᠦᠽᠧᠶ ᠶᠢᠨ ᠳ᠋ᠠ ᠶᠣᠣ ᠰᠣᠶᠣᠯ ᠤᠨ ᠪᠠᠭᠤᠷᠢ᠂ ᠬᠥᠬᠡᠬᠤᠲᠠ ᠶᠢᠨ ᠬᠤᠷᠢᠨᠭᠡᠷ ᠰᠢᠶᠠᠨ ᠤ ᠲᠦ᠋ ᠴᠧᠩᠽᠢ ᠡᠷᠲᠡᠨ ᠤ ᠬᠤᠲᠠ ᠶᠢᠨ ᠪᠠᠭᠤᠷᠢ᠂ ᠪᠤᠭᠤᠲᠤ ᠬᠤᠲᠠ ᠶᠢᠨ ᠶᠠᠨ ᠵᠢᠶᠠ ᠯᠢᠶᠠᠩ ᠤᠨ ᠶᠤᠸᠠᠨ ᠤᠯᠤᠰ ᠤᠨ ᠡᠷᠲᠡᠨ ᠤ ᠪᠠᠭᠤᠷᠢ᠂ ᠬᠥᠯᠥᠨ ᠪᠤᠶᠢᠷ ᠬᠤᠳᠠ ᠶᠢᠨ ᠬᠠᠺᠧ ᠰᠤᠶᠤᠯ ᠤᠨ ᠪᠠᠭᠤᠷᠢ᠂ ᠲᠦᠩᠯᠢᠶᠣᠤ ᠬᠤᠲᠠ ᠶᠢᠨ ᠬᠠᠮ ᠤᠨ ᠮᠠᠩᠬᠠᠨ ᠪᠠᠭᠤᠷᠢ᠂ ᠤᠯᠠᠭᠠᠨᠬᠠᠳᠠ ᠬᠤᠲᠠ ᠶᠢᠨ ᠡᠯ ᠳ᠋ᠤᠤ ᠵᠢᠩ ᠽᠢ ᠪᠠᠭᠤᠷᠢ᠂ ᠤᠯᠠᠭᠠᠨᠴᠠᠪ ᠬᠤᠳᠠ ᠶᠢᠨ ᠶᠤᠸᠠᠨ ᠤᠯᠤᠰ ᠤᠨ ᠵᠢᠨᠢᠩ ᠴᠦᠯᠭᠡ ᠶᠢᠨ ᠡᠷᠲᠡᠨ ᠤ ᠬᠤᠲᠠ ᠶᠢᠨ ᠪᠠᠭᠤᠷᠢ᠂ ᠣᠷᠳᠣᠰ ᠬᠤᠲᠠ ᠶᠢᠨ ᠤᠯᠠᠭᠠᠨ ᠮᠥᠷᠡᠨ ᠪᠠᠭᠤᠷᠢ᠂ ᠦᠬᠠᠶ ᠬᠤᠳᠠ ᠶᠢᠨ ᠵᠤᠤ ᠱᠤᠤ ᠭᠸᠦ ᠶᠢᠨ ᠬᠠᠳᠠᠨ ᠵᠢᠷᠤᠭ᠂ ᠠᠯᠠᠱᠠ ᠠᠶᠢᠮᠠᠭ ᠤᠨ ᠵᠦᠢᠷᠡᠢ — ᠬᠠᠷ᠎ᠠ ᠬᠤᠲᠠ ᠶᠢᠨ ᠪᠠᠭᠤᠷᠢ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠪᠠᠶᠢᠭᠤᠯᠬᠤ ᠨᠡᠷᠡᠰ ᠨᠢ᠄ ᠬᠥᠬᠡᠬᠤᠲᠠ ᠶᠢᠨ ᠶᠤᠸᠠᠨ ᠤᠯᠤᠰ ᠤᠨ ᠹᠸᠡᠭ ᠵᠧᠤ ᠬᠤᠲᠠ ᠶᠢᠨ ᠪᠠᠭᠤᠷᠢ᠂ ᠬᠥᠯᠥᠨ ᠪᠤᠶᠢᠷ ᠬᠤᠳᠠ ᠶᠢᠨ  ᠭᠠᠩᠭ᠎ᠠ ᠶᠢᠨ ᠣᠩᠭᠤᠨ ᠤ ᠪᠠᠭᠤᠷᠢ ᠪᠣᠯᠤᠨ ᠭᠠ ᠰᠢᠶᠠᠨ ᠠᠭᠤᠶ ᠶᠢᠨ ᠪᠠᠭᠤᠷᠢ᠂ ᠲᠦᠩᠯᠢᠶᠣᠤ ᠬᠤᠳᠠ  ᠶᠢᠨ ᠡᠮᠦᠨᠡᠲᠦ ᠪᠤᠯᠠᠭᠲᠤ ᠶᠢᠨ ᠡᠷᠲᠡᠨ ᠤ ᠣᠩᠭᠤᠨ ᠤ ᠪᠠᠭᠤᠷᠢ᠂ ᠤᠯᠠᠭᠠᠨᠬᠠᠳᠠ ᠬᠤᠲᠠ ᠶᠢᠨ ᠰᠢᠩ ᠯᠦᠩ ᠸᠠ ᠰᠣᠶᠣᠯ ᠤᠨ ᠪᠠᠭᠤᠷᠢ᠂ ᠬᠤᠩ ᠱᠠᠨ ᠰᠣᠶᠣᠯ ᠤᠨ ᠪᠠᠭᠤᠷᠢ᠂ ᠯᠢᠶᠣᠤ ᠤᠯᠤᠰ ᠤᠨ ᠽᠦᠵᠸᠤ ᠬᠤᠲᠠ ᠶᠢᠨ ᠪᠠᠭᠤᠷᠢ᠂ ᠰᠢᠯᠢ ᠶᠢᠨ ᠭᠤᠣᠯ ᠠᠶᠢᠮᠠᠭ ᠤᠨ ᠯᠢᠶᠤᠤ ᠤᠯᠤᠰ ᠤᠨ ᠬᠠᠭᠠᠨ ᠤ ᠲᠠᠲᠠᠪᠤᠷᠢ ᠬᠠᠲᠤᠨ ᠤ ᠣᠩᠭᠤᠨ ᠤ ᠪᠠᠭᠤᠷᠢ᠂ ᠤᠷᠳᠤᠰ ᠬᠤᠳᠠ ᠶᠢᠨ ᠬᠤᠷᠤᠭ᠎ᠠ ᠴᠠᠶᠢᠳᠠᠮ ᠤᠨ ᠡᠷᠲᠡᠨ ᠤ ᠬᠤᠲᠠ ᠶᠢᠨ ᠪᠠᠭᠤᠷᠢ᠂ ᠪᠠᠶᠠᠨᠨᠠᠭᠤᠷ ᠬᠤᠳᠠ ᠶᠢᠨ ᠵᠢᠢ ᠯᠦ ᠰᠠᠢ ᠡᠷᠲᠡᠨ ᠤ ᠬᠤᠲᠠ ᠶᠢᠨ ᠪᠠᠭᠤᠷᠢ ᠪᠣᠯᠤᠨ᠎ᠠ᠃ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠠᠭᠤᠷᠢ ᠨᠤᠭᠤᠳ ᠤᠨ ᠬᠠᠭᠤᠴᠢ ᠰᠤᠳᠤᠯᠤᠯ ᠬᠢᠬᠦ᠂ ᠬᠠᠮᠠᠭᠠᠯᠠᠬᠤ᠂ ᠰᠤᠳᠤᠯᠬᠤ᠂ ᠳᠡᠯᠭᠡᠨ ᠦᠵᠡᠭᠦᠯᠬᠦ ᠪᠠ ᠵᠦᠢ ᠵᠣᠬᠢᠰᠲᠠᠶ ᠠᠰᠢᠭᠯᠠᠬᠤ ᠶᠢᠨ ᠬᠤᠭᠤᠷᠣᠨᠳᠣᠬᠢ ᠬᠠᠷᠢᠴᠠᠭ᠎ᠠ ᠶᠢ ᠲᠣᠬᠢᠲᠠᠶ ᠰᠠᠶᠢᠲᠤᠷ ᠰᠢᠢᠳᠪᠦᠷᠢᠯᠡᠵᠦ᠂ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ᠂ ᠬᠠᠭᠤᠴᠢ ᠰᠤᠳᠤᠯᠤᠯ ᠬᠢᠬᠦ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠬᠠᠭᠤᠴᠢ ᠰᠤᠳᠤᠯᠤᠯ ᠤᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号