| ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠭᠡᠢ ᠰᠠᠶᠢᠳ ᠸᠠᠩ ᠶᠠᠩ 29 ᠤ ᠡᠳᠦᠷ ᠮᠠᠨ ᠤ | ᠤᠷᠤᠨ ᠤ ᠬᠦᠯᠦᠨ ᠪᠤᠶᠢᠷ ᠬᠤᠳᠠ ᠳᠤ ᠢᠷᠡᠵᠦ ᠡᠪᠡᠰᠤᠨ ᠤ ᠦᠢᠯᠡᠰ ᠬᠢᠬᠡᠳ ᠮᠠᠯ ᠠᠵᠤ ᠠᠬᠤᠢ ᠶᠢᠨ | ᠬᠦᠭᠵᠢᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠡᠷᠡ ᠴᠢᠬᠤᠯᠠᠴᠢᠯᠠᠭᠰᠠᠨ ᠨᠢ᠂ ᠡᠪᠡᠰᠤᠨ ᠤ ᠦᠢᠯᠡᠰ | ᠬᠢᠬᠡᠳ ᠮᠠᠯ ᠠᠵᠤ ᠠᠬᠤᠢ ᠶᠢᠨ ᠬᠦᠭᠵᠢᠯᠳᠠ ᠶᠢ ᠲᠦᠷᠭᠡᠳᠭᠡᠬᠦ ᠪᠤᠯ ᠮᠠᠯᠴᠢᠨ ᠲᠠᠷᠢᠶᠠᠴᠢᠨ ᠤ ᠤᠷᠤᠯᠭ᠎ᠠ ᠶᠢ | ᠨᠡᠮᠡᠭᠳᠡᠬᠦᠯᠦᠨ ᠪᠡᠶᠠᠵᠢᠭᠤᠯᠬᠤ ᠴᠢᠬᠤᠯᠠ ᠠᠷᠭ᠎ᠠ ᠵᠠᠮ᠂ ᠬᠦᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ | ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢᠨ ᠴᠢᠬᠤᠯᠠ ᠠᠭᠤᠯᠭ᠎ᠠ᠂ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢᠨ ᠴᠢᠬᠤᠯᠠ ᠠᠷᠭ᠎ᠠ ᠭᠡᠮᠵᠢᠶ᠎ᠠ ᠮᠦᠨ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠦᠢᠯᠡᠳᠪᠤᠷᠢᠯᠡᠯ ᠠᠮᠢ ᠠᠬᠤᠢ ᠶᠢ ᠤᠷᠭᠠᠨᠢᠭ ᠢᠶᠠᠷ ᠤᠶᠠᠯᠳᠤᠭᠤᠯᠤᠨ ᠠᠮᠢ ᠠᠬᠤᠢ ᠶᠢ ᠡᠩ | ᠲᠡᠷᠢᠬᠦᠨ ᠳᠤ ᠲᠠᠯᠪᠢᠬᠤ ᠶᠢ ᠪᠠᠷᠢᠮᠳᠠᠯᠠᠵᠦ᠂ ᠨᠤᠳᠤᠭ ᠪᠡᠯᠴᠢᠬᠡᠷ ᠤᠨ ᠠᠮᠢ ᠠᠬᠤᠢ ᠶᠢ ᠬᠠᠮᠠᠭᠠᠯᠠᠵᠤ ᠪᠦᠳᠦᠬᠡᠨ | ᠪᠠᠶᠢᠭᠤᠯᠬᠤ ᠶᠢ ᠴᠢᠩᠭᠠᠳᠬᠠᠨ ᠬᠦᠮᠦᠨ ᠤ ᠬᠦᠴᠦ ᠪᠠᠷ ᠡᠪᠡᠰᠦ ᠲᠠᠷᠢᠬᠤ ᠶᠢ ᠢᠳᠡᠪᠬᠢᠳᠠᠢ ᠬᠦᠭᠵᠢᠬᠦᠯᠵᠦ᠂ ᠡᠪᠡᠰᠦᠨ | ᠲᠠᠵᠢᠬᠡᠯᠳᠤ ᠮᠠᠯ ᠠᠵᠤ ᠠᠬᠤᠢ ᠶᠢᠨ ᠬᠦᠭᠵᠢᠯᠳᠠ ᠶᠢᠨ ᠭᠡᠯᠪᠡᠷᠢ ᠶᠢ ᠬᠤᠪᠢᠷᠠᠭᠤᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠠ ᠶᠢ ᠡᠬᠦᠳᠬᠦ ᠪᠠᠷ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠵᠦ᠂ | ᠡᠪᠡᠰᠤᠨ ᠤ ᠦᠢᠯᠡᠰ ᠬᠢᠬᠡᠳ ᠮᠠᠯ ᠠᠵᠤ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠪᠡᠶᠡᠯᠡᠬᠦᠯᠬᠦ | ᠭᠡᠷᠡᠭᠲᠡᠢ ᠭᠡᠪᠡ᠃ | ᠬᠦᠳᠡᠭᠡ ᠠᠵᠤ ᠠᠬᠤᠢ ᠶᠢᠨ ᠶᠠᠮᠤᠨ ᠤ ᠰᠠᠶᠢᠳ ᠬᠠᠨ ᠴᠠᠩ ᠹᠦ᠋᠂ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠳᠠᠷᠤᠭ᠎ᠠ ᠪᠠᠢ ᠴᠦᠨ ᠯᠢ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠨᠠᠷᠢᠨ | ᠪᠢᠴᠢᠭ ᠤᠨ ᠳᠠᠷᠤᠭ᠎ᠠ ᠵᠢᠶᠠᠩ ᠽᠧ ᠯᠢᠨ᠂ ᠡᠳ᠋ ᠤᠨ ᠵᠠᠰᠠᠭ ᠤᠨ ᠶᠠᠮᠤᠨ ᠤ ᠳᠡᠳ᠋ ᠰᠠᠶᠢᠳ ᠬᠤ᠋ ᠵᠢᠩ ᠯᠢᠨ᠂ | ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠸᠠᠩ ᠢᠤᠢ ᠮᠢᠩ ᠪᠠᠷ᠎ᠠ ᠪᠤᠯᠤᠯᠴᠠᠨ ᠪᠠᠶᠢᠴᠠᠭᠠᠨ ᠰᠤᠳᠤᠯᠪᠠ᠃ | | ᠦᠢᠷ᠎ᠠ ᠶᠢᠨ ᠬᠤᠶᠠᠷ ᠵᠢᠯ ᠳᠤ᠂ ᠳᠤᠮᠳᠠᠳᠦ ᠤᠯᠥᠰ ᠤᠨ ᠰᠢᠨᠵᠢᠯᠠᠬᠦ ᠤᠬᠠᠭᠠᠠ ᠤ ᠬᠦᠷᠢᠶᠠᠯᠠᠩ ᠪᠤᠯᠤᠨ | ᠦᠪᠤᠷ ᠮᠤᠩᠭᠤᠯ ᠤᠨ ᠬᠦᠯᠤᠡ ᠪᠤᠶᠢᠷ ᠤᠨ ᠠᠳᠠᠷ ᠬᠠᠭᠠᠯᠪᠤᠷᠢᠯᠠᠯᠳᠠ ᠶᠢᠨ ᠪᠦᠯᠦᠭᠯᠡᠯ ᠤᠨ ᠬᠠᠮᠳᠦᠷᠠᠠ | ᠪᠠᠶᠢᠭᠤᠯᠤᠬᠰᠠᠠ ᠡᠪᠡᠰᠤᠨ ᠤ ᠦᠢᠯᠡᠰ ᠬᠢᠬᠡᠳ ᠮᠠᠯ ᠠᠵᠦ ᠠᠬᠤᠢ ᠶᠢᠨ ᠳᠤᠷᠰᠢᠯᠳᠠ ᠶᠢᠨ ᠤᠷᠤᠨ ᠨᠢ ᠪᠠᠶᠢᠭᠠᠯᠢ ᠶᠢᠨ | ᠡᠪᠡᠰᠦ ᠪᠡᠯᠴᠢᠬᠡᠷ ᠢ ᠰᠠᠷᠬᠦᠬᠡᠬᠦ᠂ ᠡᠪᠡᠰᠦ ᠳᠠᠷᠢᠬᠤ᠂ ᠡᠪᠡᠰᠦᠡ ᠤ ᠪᠦᠳᠦᠭᠡᠭᠳᠡᠬᠦᠡ ᠢ ᠡᠳ᠋ᠰᠢᠬᠦᠯᠬᠦ᠂ ᠡᠪᠡᠰᠦᠠ | ᠳᠠᠵᠢᠬᠡᠯᠳᠤ ᠮᠠᠯ ᠠᠵᠦ ᠠᠬᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠤᠡ ᠦᠷ᠎ᠠ ᠠᠰᠢᠬ ᠢ ᠨᠡᠮᠡᠭᠳᠡᠬᠦᠯᠬᠦ ᠵᠡᠷᠬᠡ | ᠲᠠᠯ᠎ᠠ ᠪᠠᠷ ᠳᠤᠷᠰᠢᠯᠳᠠ ᠶᠢᠨ ᠵᠢᠱᠢᠶ᠎ᠠ ᠦᠵᠡᠬᠦᠯᠬᠦ ᠠᠵᠢᠯ ᠦᠷᠨᠢᠬᠦᠯᠦᠬᠡᠳ ᠢᠳᠠᠪᠬᠢᠳᠠᠢ ᠦᠷ᠎ᠠ ᠪᠦᠳᠦᠮᠵᠢ ᠤᠯᠵᠠᠢ᠃ | ᠸᠠᠩ ᠶᠠᠩ ᠤᠷᠢᠳ ᠬᠤᠵᠢᠳ ᠬᠦᠯᠦᠠ ᠪᠤᠶᠢᠷ ᠤᠨ ᠠᠳᠠᠷ ᠬᠠᠭᠠᠯᠪᠤᠷᠢᠯᠠᠯᠳᠠ ᠶᠢᠨ ᠪᠦᠯᠥᠭᠯᠡᠯ ᠤᠨ ᠰᠢᠷᠠᠳᠠᠯ᠎ᠠ | ᠳᠠᠷᠢᠶᠠᠯᠠᠩ ᠮᠠᠯ ᠠᠵᠤ ᠠᠬᠤᠢ ᠶᠢᠨ ᠳᠠᠯᠠᠪᠡᠢ ᠶᠢᠨ ᠡᠪᠡᠰᠤᠨ ᠤ ᠦᠢᠯᠡᠰ ᠬᠢᠬᠡᠳ ᠮᠠᠯ ᠠᠵᠦ ᠠᠬᠤᠢ ᠶᠢᠨ | ᠳᠤᠷᠰᠢᠯᠳᠠ ᠶᠢᠨ ᠤᠷᠤᠨ ᠤ ᠪᠦᠳᠦᠬᠡᠡ ᠪᠠᠶᠢᠭᠤᠯᠤᠯᠳᠠ ᠵᠢᠴᠢ ᠠᠵᠢᠯ ᠤᠨ ᠦᠷ᠎ᠠ ᠪᠦᠳᠦᠮᠵᠢ᠂ ᠪᠠᠶᠢᠭᠠᠯᠢ ᠶᠢᠨ | ᠨᠤᠳᠤᠬ ᠪᠠᠯᠴᠢᠬᠡᠷ ᠤᠨ ᠠᠮᠢ ᠠᠬᠤᠢ ᠶᠢᠨ ᠴᠢᠳᠠᠮᠵᠢ ᠶᠢᠨ ᠰᠠᠷᠬᠦᠭᠰᠡᠡ ᠪᠠᠶᠢᠳᠠᠯ᠂ ︵ᠦᠨᠳᠦᠷ ᠨᠡᠮᠡᠯᠳᠡ ᠦᠷᠳᠡᠭ | ᠪᠦᠬᠦᠢ ᠰᠢᠨ᠎ᠠ ᠬᠡᠯᠪᠡᠷᠢ ᠶᠢᠨ ᠰᠢᠯᠢᠳᠡᠭ ᠴᠢᠨᠠᠷ ᠤᠨ ᠳᠠᠷᠢᠶᠡᠯᠡᠩ ᠤᠨ ᠪᠦᠳᠦᠭᠡᠭᠳᠡᠬᠦᠡ ᠢ ᠪᠤᠶᠢᠵᠢᠭᠤᠯᠵᠤ | ᠦᠢᠯᠠᠳᠪᠤᠷᠢᠯᠡᠭᠰᠠᠠ ᠪᠠᠶᠢᠳᠠᠯ ᠢ ᠰᠢᠨᠵᠢᠯᠠᠠ ᠪᠠᠶᠢᠴᠠᠭᠠᠵᠦ᠂ ᠡᠪᠡᠰᠤᠨ ᠤ ᠦᠢᠯᠡᠰ ᠤᠨ ᠪᠦᠳᠦᠬᠡᠭᠳᠡᠬᠦᠨ ᠬᠢᠬᠡᠳ | ᠮᠠᠯ ᠤᠨ ᠠᠰᠢᠭ ᠰᠢᠮ᠎ᠠ ᠶᠢ ᠡᠳ᠋ᠰᠢᠬᠦᠯᠦᠨ ᠪᠤᠯᠪᠠᠰᠤᠷᠠᠭᠤᠯᠵᠤ ᠪᠠᠶᠢᠬᠤ ᠵᠡᠷᠬᠡ ᠳᠡᠯ᠎ᠠ ᠪᠠᠷ ᠰᠢᠨᠵᠢᠯᠠᠬᠦ ᠤᠬᠠᠭᠠᠠ | ᠮᠠᠷᠬᠡᠵᠢᠯ ᠤᠨ ᠬᠠᠮᠤᠬ ᠰᠢᠨ᠎ᠠ ᠦᠷ᠎ᠠ ᠪᠦᠳᠦᠬᠡᠯ ᠢ ᠠᠰᠢᠬᠯᠠᠵᠦ ᠪᠠᠶᠢᠭ᠎ᠠ ᠪᠠᠶᠢᠳᠠᠯ ᠢ ᠦᠢᠯᠠᠭᠠᠵᠦ᠂ ᠡᠪᠡᠰᠤᠨ ᠤ | ᠦᠢᠯᠡᠰ ᠬᠢᠬᠡᠳ ᠮᠠᠯ ᠠᠵᠦ ᠠᠬᠤᠢ ᠶᠢᠨ ᠳᠤᠷᠰᠢᠯᠳᠠ ᠶᠢᠨ ᠤᠷᠤᠨ ᠤ ᠪᠦᠳᠦᠬᠡᠡ ᠪᠠᠶᠢᠭᠤᠯᠤᠯᠳᠠ ᠶᠢᠨ ᠤᠯᠤᠬᠰᠠᠠ | ᠠᠮᠵᠢᠯᠳᠠ ᠶᠢ ᠬᠦᠢᠴᠠᠳ ᠨᠤᠳᠠᠯᠠᠪᠡ᠃ ᠳᠠᠷᠠ ᠵᠢᠭᠠᠵᠦ ᠭᠠᠷᠭᠠᠬᠰᠠᠠ ᠨᠢ᠂ ᠦᠢᠯᠠᠳᠪᠤᠷᠢᠯᠡᠯ ᠤᠨ ᠦᠢᠯᠠᠳᠦᠯᠬᠡ ᠪᠤᠯ | ᠰᠢᠨᠵᠢᠯᠠᠬᠦ ᠤᠬᠠᠭᠠᠠ ᠤ ᠰᠤᠳᠤᠯᠭᠠᠠ ᠤ ᠦᠷ᠎ᠠ ᠪᠦᠳᠦᠬᠡᠯ ᠢ ᠦᠢᠯᠠᠳᠪᠤᠷᠢᠯᠠᠯ ᠤᠨ ᠬᠦᠴᠦᠡ ᠪᠤᠯᠭᠠᠠ | ᠬᠤᠪᠢᠷᠠᠭᠤᠯᠬᠤ ᠶᠢᠨ ᠵᠠᠩᠬᠢᠯᠠᠭ᠎ᠠ ᠪᠤᠯᠤᠨ᠎ᠠ᠂ ᠳᠠᠷᠠᠭᠠᠴᠢ ᠶᠢᠨ ᠠᠯᠬᠤᠮ ᠳᠤ ᠡᠳᠡᠬᠡᠷ ︽ᠴᠢᠬ︾ ᠲᠠᠬᠡᠷᠡᠬᠢ | ᠳᠤᠷᠰᠢᠯᠭ᠎ᠠ ᠶᠢ ᠰᠠᠶᠢᠳᠦᠷ ᠳ᠋ᠦᠩᠨᠠᠬᠦ ᠶᠢ ᠴᠢᠬᠤᠯᠠᠴᠢᠯᠠᠨ ︽ᠪᠦᠬᠦ ᠲᠠᠯ᠎ᠠ︾ ᠳᠠᠰᠢ ᠦᠷᠬᠡᠳᠬᠡᠬᠦ ᠶᠢ ᠰᠦᠪᠡᠭᠴᠢᠯᠡᠵᠦ᠂ | ᠰᠢᠨᠵᠢᠯᠡᠬᠦ ᠤᠬᠠᠭᠠᠠ ᠮᠠᠷᠬᠡᠵᠢᠯ ᠢᠶᠠᠷ ᠡᠪᠡᠰᠤᠨ ᠤ ᠦᠢᠯᠡᠰ ᠬᠢᠬᠡᠳ ᠮᠠᠯ ᠠᠵᠦ ᠠᠬᠤᠢ ᠶᠢᠨ ᠬᠦᠭᠵᠢᠯᠳᠠ ᠶᠢ | ᠠᠬᠢᠭᠤᠯᠤᠭᠠᠳ ᠤᠯᠤᠬᠰᠠᠠ ᠠᠰᠢᠬ ᠤᠷᠤᠯᠭ᠎ᠠ ᠶᠢ ᠨᠠᠩ ᠤᠯᠠᠠ ᠠᠷᠠᠳ ᠳᠦᠮᠡᠡ ᠳᠤ ᠡᠳ᠋ᠯᠠᠬᠦᠯᠬᠦ ᠬᠡᠷᠡᠭᠳᠡᠢ ᠬᠡᠵᠡᠢ᠃ | ᠰᠢᠨᠵᠢᠯᠠᠠ ᠪᠠᠶᠢᠴᠠᠭᠠᠬᠤ ᠵᠠᠮ ᠳᠠᠭᠠᠤ ᠸᠠᠩ ᠶᠠᠩ ᠪᠠᠰᠠ ᠠᠳᠠᠷ ᠬᠠᠭᠠᠯᠪᠤᠷᠢᠯᠠᠯᠳᠠ ᠶᠢᠨ ᠠᠵᠢᠯᠴᠢᠡ ᠤ | ᠤᠷᠦᠰᠢᠠ ᠰᠠᠭᠤᠷᠢᠰᠢᠬᠤ ᠳᠤ ᠳᠤᠬᠢᠷᠠᠭᠰᠠᠨ ᠠᠮᠢ ᠠᠬᠤᠢ ᠶᠢᠨ ᠪᠠᠭ᠎ᠠ ᠪᠠᠯᠭᠠᠰᠦ ᠶᠢᠨ ᠪᠦᠳᠦᠬᠡᠡ ᠪᠠᠶᠢᠭᠤᠯᠤᠯᠳᠠ ᠶᠢᠨ | ᠪᠠᠶᠢᠳᠠᠯ ᠢ ᠪᠠᠶᠢᠴᠠᠭᠠᠠ ᠦᠵᠡᠪᠡ᠃ ᠠᠳᠠᠷ ᠬᠠᠭᠠᠯᠪᠤᠷᠢᠯᠠᠯᠳᠠ ᠶᠢᠨ ᠤᠠᠴᠠᠯᠢᠬ ᠪᠠ ᠰᠤᠶᠤᠯ ᠢᠷᠬᠡᠨᠰᠢᠯ ᠤᠨ ᠰᠠᠨᠠᠭ᠎ᠠ | ᠠᠬᠤᠢ ᠶᠢ ᠨᠢᠬᠡ ᠴᠤᠬᠴᠠᠴᠢᠯᠡᠬᠰᠠᠠ ᠤᠳᠦᠬᠢᠴᠢᠯᠡᠬᠰᠠᠠ ᠠᠳᠠᠷ ᠬᠠᠭᠠᠯᠠᠪᠤᠷᠢᠯᠠᠯᠳᠠ ᠶᠢᠨ ᠪᠠᠭ᠎ᠠ ᠪᠠᠯᠭᠠᠰᠦ ᠨᠢ ᠠᠳᠠᠷ | ᠬᠠᠭᠠᠯᠪᠤᠷᠢᠯᠠᠯᠳᠠ ᠶᠢᠨ ᠠᠵᠢᠯᠴᠢᠳ ᠤᠨ ᠦᠩᠬᠡᠷᠡᠭᠰᠡᠨ ᠤ ᠳᠦᠬᠦᠮ ᠪᠦᠳᠦᠬᠦᠯᠢᠭ ᠠᠮᠢᠳᠦᠷᠠᠯ ᠤᠨ ᠤᠷᠴᠢᠠ | ᠳᠤᠭᠤᠷᠢᠠ ᠢ ᠳᠦᠢᠯᠪᠤᠷᠢᠳᠠᠢ ᠬᠤᠪᠢᠷᠠᠭᠤᠯᠵᠦ᠂ ᠠᠳᠠᠷ ᠬᠠᠭᠠᠯᠪᠤᠷᠢᠯᠠᠯᠳᠠ ᠶᠢᠨ ᠠᠵᠢᠯᠴᠢᠳ ᠤᠨ ᠠᠮᠢᠳᠦᠷᠠᠯ ᠤᠨ | ᠴᠢᠨᠠᠷ ᠴᠢᠨᠰᠠᠭ᠎ᠠ ᠪᠡ ᠵᠤᠯ ᠵᠢᠷᠭᠠᠯ ᠤᠨ ᠵᠢᠭᠠᠯᠳᠠ ᠳᠤᠭ᠎ᠠ ᠶᠢ ᠳᠡᠭᠡᠭᠰᠢᠯᠡᠬᠦᠯᠪᠠ᠃ | ᠸᠠᠩ ᠶᠠᠩ ᠵᠢᠭᠠᠵᠤ ᠭᠠᠷᠭᠠᠭᠰᠠᠨ ᠨᠢ᠂ ᠡᠪᠡᠰᠤᠨ ᠤ ᠦᠢᠯᠡᠰ ᠬᠢᠬᠡᠳ ᠮᠠᠯ ᠠᠵᠤ ᠠᠬᠤᠢ ᠶᠢᠨ | ᠲᠤᠲᠠᠭᠤᠲᠠᠯ ᠢ ᠨᠦᠬᠦᠪᠦᠷᠢᠯᠡᠬᠦ ᠳᠤ ᠵᠠᠩᠭᠢᠯᠠᠭ᠎ᠠ ᠨᠢ ᠰᠢᠨᠵᠢᠯᠡᠬᠦ ᠤᠬᠠᠭᠠᠠ ᠮᠡᠷᠭᠡᠵᠢᠯ ᠳᠤ ᠪᠤᠢ᠃ ᠡᠪᠡᠰᠦ ᠬᠢᠬᠡᠳ | ᠮᠠᠯ ᠤᠨ ᠰᠠᠶᠢᠨ ᠡᠬᠦᠯᠳᠡᠷ ᠢ ᠰᠤᠳᠤᠯᠤᠨ ᠨᠡᠭᠡᠭᠡᠡ ᠬᠦᠭᠵᠢᠬᠦᠯᠬᠦ ᠶᠢ ᠴᠢᠩᠭᠠᠳᠬᠠᠵᠤ᠂ ᠰᠦᠯ ᠰᠠᠶᠢᠳᠠᠢ ᠪᠡᠯᠴᠢᠬᠡᠷ | ᠡᠪᠡᠰᠤ ᠶᠢ ᠪᠤᠶᠢᠵᠢᠭᠤᠯᠬᠤ ᠰᠠᠭᠤᠷᠢᠨ ᠪᠤᠯᠤᠨ ᠦᠷ᠎ᠠ ᠶᠢᠨ ᠮᠠᠯ ᠤᠨ ᠲᠠᠯᠠᠪᠠᠢ ᠶᠢᠨ ᠪᠦᠲᠦᠭᠡᠡ ᠪᠠᠶᠢᠭᠤᠯᠤᠯᠲᠠ ᠶᠢ | ᠲᠦᠷᠭᠡᠳᠭᠡᠡ᠂ ᠡᠪᠡᠰᠦᠨ ᠤ ᠠᠵᠦ ᠦᠢᠯᠡᠰ ᠪᠤᠯᠤᠨ ᠡᠪᠡᠰᠦᠨ ᠲᠠᠵᠢᠬᠡᠯᠳᠤ ᠮᠠᠯ ᠠᠵᠦ ᠠᠬᠤᠢ ᠶᠢᠨ | ᠦᠢᠯᠡᠳᠪᠦᠷᠢᠯᠡᠯ ᠤᠨ ᠪᠦᠳᠦᠮᠵᠢ ᠪᠤᠯᠤᠨ ᠦᠷᠢᠰᠦᠯᠲᠦᠬᠦ ᠬᠦᠴᠤᠨ ᠢ ᠪᠦᠬᠦ ᠲᠠᠯ᠎ᠠ ᠪᠠᠷ ᠲᠡᠭᠡᠭᠰᠢᠯᠡᠭᠦᠯᠬᠦ ᠬᠡᠷᠡᠭᠲᠡᠢ᠃ | ᠠᠲᠠᠯᠢ ᠪᠤᠰᠤ ᠭᠠᠵᠠᠷ ᠤᠷᠤᠨ ᠤ ᠡᠪᠡᠰᠤᠨ ᠤ ᠦᠢᠯᠡᠰ ᠬᠢᠬᠡᠳ ᠮᠠᠯ ᠠᠵᠦ ᠠᠬᠤᠢ ᠶᠢᠨ ᠬᠦᠭᠵᠢᠯᠲᠠ ᠳᠤ | ᠵᠤᠬᠢᠴᠠᠬᠰᠠᠨ ᠮᠡᠷᠭᠡᠵᠢᠯ ᠤᠨ ᠱᠤᠭᠤᠮ ᠢ ᠴᠢᠷᠮᠠᠶᠢᠨ ᠬᠠᠶᠢᠨ ᠰᠦᠪᠡᠭᠴᠢᠯᠡᠵᠤ᠂ ᠨᠤᠲᠤᠭ ᠪᠡᠯᠴᠢᠬᠡᠷ ᠤᠨ ᠠᠮᠢ | ᠠᠬᠤᠢ ᠶᠢᠨ ᠰᠢᠰᠲ᠋ᠧᠮ ᠢ ᠬᠠᠮᠠᠭᠠᠯᠠᠠ ᠰᠡᠷᠭᠦᠭᠡᠵᠦ᠂ ᠡᠪᠡᠰᠦ ᠮᠠᠯ ᠢ ᠢᠵᠢ ᠲᠦᠬᠦᠷᠵᠢᠭᠦᠯᠦᠭᠰᠡᠨ ᠰᠠᠶᠢᠨ ᠡᠷᠬᠢᠯᠲᠠ ᠶᠢ | ᠠᠬᠢᠭᠤᠯᠤᠨ ᠨᠤᠳᠤᠭ ᠪᠡᠯᠴᠢᠬᠡᠷ ᠤᠨ ᠠᠮᠢ ᠠᠬᠤᠢ ᠶᠢᠨ ᠦᠢᠯᠡᠳᠭᠦᠠ ᠤ ᠦᠢᠯᠡᠳᠪᠦᠷᠢᠯᠡᠯ ᠤᠨ ᠴᠢᠲᠠᠪᠤᠷᠢ ᠶᠢ | ᠲᠡᠭᠡᠭᠰᠢᠯᠡᠭᠦᠯᠵᠤ᠂ ᠦᠢᠯᠡᠳᠪᠦᠷᠢᠯᠡᠯ ᠪᠤᠯᠤᠨ ᠠᠮᠢ ᠠᠬᠤᠢ ᠶᠢᠨ ᠵᠤᠬᠢᠴᠠᠩᠭᠤᠢ ᠬᠦᠭᠵᠢᠯᠳᠡ ᠶᠢ ᠪᠡᠶᠡᠯᠡᠭᠦᠯᠬᠦ ᠬᠡᠷᠡᠭᠲᠡᠢ | ᠃ ᠤᠯᠠᠠ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠠ ᠡᠪᠡᠰᠤᠨ ᠤ ᠦᠢᠯᠡᠰ ᠬᠢᠬᠡᠳ ᠮᠠᠯ ᠠᠵᠤ ᠠᠬᠤᠢ ᠶᠢᠨ | ᠦᠢᠯᠡᠴᠢᠯᠡᠭᠡᠡ ᠤ ᠰᠢᠰᠲ᠋ᠧᠮ ᠢ ᠲᠡᠭᠦᠯᠲᠡᠷᠵᠢᠭᠦᠯᠵᠦ᠂ ᠬᠡᠪᠴᠢᠶᠡᠵᠢᠭᠰᠡᠨ ᠡᠵᠡᠩᠨᠡᠯᠳᠡ ᠶᠢᠨ ᠭᠤᠤᠯ ᠴᠤᠭᠴᠠ ᠶᠢᠨ | ᠵᠢᠱᠢᠶ᠎ᠠ ᠦᠵᠡᠭᠦᠯᠵᠦ ᠲᠠᠭᠠᠭᠤᠯᠬᠤ ᠦᠢᠯᠡᠲᠦᠯ ᠢ ᠬᠦᠢᠴᠡᠳ ᠪᠠᠲᠠᠷᠠᠭᠤᠯᠵᠦ᠂ ᠡᠪᠡᠰᠦᠨ ᠤ ᠦᠢᠯᠡᠰ ᠬᠢᠬᠡᠳ ᠮᠠᠯ | ᠠᠵᠤ ᠠᠬᠤᠢ ᠶᠢᠨ ᠰᠢᠨᠵᠢᠯᠡᠬᠦ ᠤᠬᠠᠭᠠᠠ ᠮᠡᠷᠭᠡᠵᠢᠯ ᠤᠨ ᠦᠷ᠎ᠡ ᠪᠦᠳᠦᠬᠡᠯ ᠢ ᠲᠦᠬᠡᠮᠡᠯᠵᠢᠬᠦᠯᠦᠨ ᠭᠡᠷᠡᠭᠯᠡᠬᠦ ᠶᠢ | ᠲᠦᠷᠭᠡᠳᠭᠡᠬᠦ ᠭᠡᠷᠡᠭᠲᠡᠢ ᠬᠡᠪᠡ᠃ | ᠸᠠᠩ ᠶᠠᠩ ᠴᠢᠬᠤᠯᠠᠴᠢᠯᠠᠭᠰᠠᠨ ᠨᠢ᠂ ᠤᠢᠢᠷ᠎ᠠ ᠶᠢᠨ ᠨᠢᠭᠡ ᠬᠤᠭᠤᠴᠠᠭᠠᠠ ᠳᠤ ᠦᠪᠦᠷ ᠮᠤᠩᠭᠤᠯ ᠤᠨ ᠵᠠᠷᠢᠮ | ᠭᠠᠵᠠᠷ ᠤᠨ ᠭᠠᠩ ᠬᠠᠭᠰᠠᠷᠠᠭᠠᠠ ᠤ ᠪᠠᠶᠢᠲᠠᠯ ᠭᠡᠴᠡᠭᠦᠳᠴᠤ᠂ ᠭᠠᠩ ᠬᠠᠭᠰᠠᠷᠠᠭᠠᠠ ᠲᠠᠢ ᠲᠡᠮᠡᠴᠡᠬᠦ ᠠᠵᠢᠯ ᠢ ᠰᠠᠶᠢᠲᠤᠷ | ᠬᠢᠬᠦ ᠶᠢ ᠡᠷᠬᠡᠪᠰᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠬᠤ ᠬᠡᠷᠡᠭᠲᠡᠢ᠃ ᠤᠰᠤᠨ ᠠᠰᠢᠠᠠᠯᠠᠯᠲᠠ ᠶᠢᠨ | ᠢᠨᠵᠧᠨᠧᠷᠢᠩ ᠤᠨ ᠲᠤᠬᠢᠷᠠᠭᠤᠯᠤᠯᠲᠠ ᠶᠢ ᠴᠢᠩᠭᠠᠳᠬᠠᠠ ᠭᠠᠩᠲᠠᠭᠰᠠᠠ ᠤᠷᠤᠨ ᠤ ᠤᠰᠤ ᠭᠡᠷᠡᠭᠯᠡᠬᠦ ᠭᠡᠷᠡᠭᠴᠡᠭᠡ | ᠱᠠᠭᠠᠷᠲᠠᠯᠭ᠎ᠠ ᠶᠢ ᠴᠢᠷᠮᠠᠶᠢᠨ ᠪᠠᠲᠤᠯᠠᠵᠦ᠂ ᠮᠠᠯ ᠠᠵᠦ ᠠᠬᠤᠢ ᠲᠠᠷᠢᠶᠠᠯᠠᠩ ᠤᠨ ᠭᠠᠩ ᠬᠠᠭᠰᠠᠷᠠᠭᠠᠠ ᠲᠠᠢ ᠲᠡᠮᠡᠴᠡᠬᠦ | ᠮᠡᠷᠭᠡᠵᠢᠯ ᠤᠨ ᠵᠢᠯᠤᠭᠤᠲᠤᠯᠭ᠎ᠠ ᠪᠤᠯᠤᠠ ᠦᠢᠯᠡᠴᠢᠯᠡᠭᠡ ᠶᠢ ᠴᠢᠩᠭᠠᠳᠬᠠᠵᠦ᠂ ᠭᠠᠩ ᠤᠨ ᠭᠠᠮᠰᠢᠭ ᠤᠨ ᠬᠤᠬᠢᠷᠠᠯ ᠢ | ᠴᠢᠷᠮᠠᠶᠢᠨ ᠪᠠᠭᠠᠰᠬᠠᠬᠤ ᠭᠡᠷᠡᠭᠲᠡᠢ᠃ ᠡᠨᠡ ᠡᠪᠦᠯ ᠤᠨ ᠮᠠᠯᠵᠢᠬᠤ ᠤᠷᠤᠨ ᠳᠤ ᠢᠯᠡᠷᠡᠵᠦ ᠮᠡᠲᠡᠬᠦ ᠡᠪᠡᠰᠦ ᠪᠤᠷᠲᠤᠭ᠎ᠠ | ᠲᠤᠲᠠᠭᠲᠠᠬᠤ ᠪᠠᠶᠢᠲᠠᠯ ᠢ ᠡᠷᠲᠡ ᠠᠴᠠ ᠠᠷᠭ᠎ᠠ ᠰᠦᠪᠡᠭᠴᠢᠯᠡᠨ ᠰᠢᠢᠳᠪᠤᠷᠢᠯᠡᠵᠤ᠂ ᠮᠠᠯᠴᠢᠳ ᠢ ᠬᠠᠪᠰᠤᠷᠴᠤ | ᠪᠠᠶᠢᠭᠠᠳ ᠮᠠᠯ ᠤᠨᠤᠭ᠎ᠠ ᠪᠠᠨ ᠡᠪᠦᠯᠵᠢᠭᠦᠯᠬᠦ ᠠᠰᠠᠭᠤᠲᠠᠯ ᠢ ᠦᠨᠡᠨᠬᠦ ᠰᠠᠶᠢᠳᠤᠷ ᠰᠢᠢᠳᠪᠦᠷᠢᠯᠡᠵᠤ ᠦᠭᠭᠦ ᠬᠡᠷᠡᠭᠲᠡᠢ | ᠬᠡᠪᠡ᠃ |