ᠣᠳᠣᠬᠠᠨ ᠳᠤ᠂ ᠤᠯᠠᠭᠠᠨᠬᠠᠳᠠ ᠬᠤᠲᠠ 2016 ᠣᠨ ᠤ 15976 ᠬᠥᠮᠦᠨ ᠠᠮᠠ ᠶᠢ ᠣᠨᠳᠣᠣ ᠭᠠᠵᠠᠷ | ᠨᠡᠭᠦᠯᠭᠡᠵᠦ ᠶᠠᠳᠠᠭᠤ ᠶᠢ ᠲᠡᠳᠬᠦᠬᠦ ᠶᠢ ᠪᠤᠳᠠᠲᠠᠢ ᠨᠠᠶᠢᠳᠠᠪᠤᠷᠢᠵᠢᠭᠤᠯᠵᠤ ︵ᠡᠭᠦᠨ ᠳᠤ᠂ ᠲᠠᠩᠰᠠ ᠡᠪᠬᠡᠮᠡᠯ ᠪᠠᠶᠢᠭᠤᠯᠤᠨ | ᠺᠠᠷᠲ ᠠᠪᠤᠭᠰᠠᠨ ᠨᠢ 10760 ᠬᠥᠮᠦᠨ᠂ ᠵᠡᠷᠭᠡ ᠳᠤᠨᠢ ᠨᠡᠭᠦᠯᠭᠡᠭᠰᠡᠨ ᠨᠢ 5216 ᠬᠥᠮᠦᠨ︶᠂ ᠤᠯᠠᠭᠠᠨᠬᠠᠳᠠ | ᠬᠤᠲᠠ ᠶᠢᠨ 12 ᠬᠤᠰᠢᠭᠤ ᠰᠢᠶᠠᠨ ᠲᠣᠭᠤᠷᠢᠭ ᠤᠨ 53 ᠰᠤᠮᠤ ᠰᠢᠶᠠᠩ ᠪᠠᠯᠭᠠᠰᠤ ᠶᠢᠨ 130 ᠭᠠᠴᠠᠭ᠎ᠠ | ᠲᠣᠰᠬᠤᠨ ᠤ 6186 ᠡᠷᠦᠬᠡ ᠲᠠᠢ ᠬᠤᠯᠪᠣᠭᠳᠠᠪᠠ᠃ ᠤᠯᠠᠭᠠᠨᠬᠠᠳᠠ ᠬᠤᠲᠠ ᠶᠢᠨ ᠲᠤᠰ ᠱᠠᠲᠤ ᠨᠢ ᠡᠳ᠋ ᠤᠨ | ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ 2000 ᠲᠦᠮᠡᠨ ᠲᠥᠭᠦᠷᠢᠭ ᠭᠠᠷᠭᠠᠵᠤ᠂ 2016 ᠣᠨ ᠳᠤ | ᠲᠥᠪᠯᠡᠷᠡᠭᠦᠯᠦᠨ ᠲᠥᠪᠬᠢᠨᠡᠭᠦᠯᠦᠭᠰᠡᠨ ᠲᠦᠮᠡ ᠭᠠᠷᠤᠶ ᠬᠥᠮᠦᠨ ᠳᠤ ᠬᠦᠮᠦᠨ ᠪᠦᠷᠢ 2000 ᠲᠥᠭᠦᠷᠢᠭ ᠤᠨ | ᠨᠥᠬᠦᠪᠦᠷᠢ ᠣᠯᠭᠤᠪᠠ᠃ ᠡᠭᠦᠨ ᠤ ᠬᠠᠮᠲᠤ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠨᠢ ᠪᠦᠬᠦ ᠬᠤᠲᠠ ᠶᠢᠨ | ᠲᠠᠩᠰᠠ ᠡᠪᠬᠡᠮᠡᠯ ᠪᠠᠶᠢᠭᠤᠯᠤᠨ ᠺᠠᠷᠲ ᠠᠪᠴᠤ ᠨᠡᠭᠦᠯᠭᠡᠭᠰᠡᠨ ᠬᠥᠮᠦᠨ ᠪᠦᠷᠢ ᠳᠤ 3.5 ᠲᠦᠮᠡᠨ ᠲᠥᠭᠦᠷᠢᠭ ᠤᠨ | ᠵᠢᠭᠡᠯᠡᠯᠭᠡ ᠣᠯᠭᠤᠵᠤ᠂ ᠣᠨᠳᠣᠣ ᠭᠠᠵᠠᠷ ᠨᠡᠭᠦᠯᠭᠡᠬᠦ ᠠᠵᠢᠯ ᠳᠤ ᠬᠡᠷᠡᠭᠯᠡᠭᠦᠯᠵᠦ᠂ 6 ᠳ᠋ᠤᠭᠠᠷ ᠰᠠᠷ᠎ᠠ ᠶᠢᠨ 30 ᠤ | ᠡᠳᠦᠷ ᠪᠣᠯᠬᠤ ᠳᠤ᠂ ᠡᠯ᠎ᠡ ᠵᠦᠢᠯ ᠤᠨ ᠪᠡᠯᠡᠳᠬᠡᠯ ᠠᠵᠢᠯ ᠨᠢᠭᠡᠨᠲᠡ ᠳᠠᠭᠤᠰᠴᠤ᠂ ᠤᠯᠠᠭᠠᠨᠬᠠᠳᠠ ᠬᠤᠲᠠ | ᠲᠥᠪᠯᠡᠷᠡᠭᠦᠯᠦᠨ ᠲᠥᠪᠬᠢᠨᠡᠭᠦᠯᠬᠦ 78 ᠲᠣᠭᠤᠷᠢᠭ ᠢ ᠨᠠᠶᠢᠳᠠᠪᠤᠷᠢᠵᠢᠭᠤᠯᠵᠤ᠂ 24 ᠨᠢ ᠨᠢᠭᠡᠨᠲᠡ ᠠᠵᠢᠯ ᠢᠶᠠᠨ | ᠡᠬᠢᠯᠡᠭᠦᠯᠦᠭᠰᠡᠨ ᠪᠠᠶᠢᠨ᠎ᠠ᠃ ᠤᠯᠠᠭᠠᠨᠬᠠᠳᠠ ᠬᠤᠲᠠ ᠲᠥᠪᠯᠡᠷᠡᠭᠦᠯᠦᠨ ᠲᠥᠪᠬᠢᠨᠡᠭᠦᠯᠬᠦ 78 ᠲᠣᠭᠤᠷᠢᠭ ᠢ ᠵᠢᠷᠤᠭᠯᠠᠨ | ᠲᠥᠯᠥᠪᠯᠡᠭᠰᠡᠨ ᠤ ᠬᠠᠮᠲᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠢᠵᠢ ᠪᠦᠷᠢᠳᠦᠭᠦᠯᠦᠨ ᠪᠦᠳᠦᠭᠡᠠ | ᠪᠠᠶᠢᠭᠤᠯᠵᠤ᠂ ᠨᠡᠭᠦᠯᠭᠡᠵᠦ ᠭᠠᠷᠭᠠᠬᠤ᠂ ᠲᠣᠭᠲᠠᠭᠤᠨ ᠪᠠᠶᠢᠯᠭᠠᠬᠤ᠂ ᠪᠠᠶᠠᠵᠢᠭᠤᠯᠵᠤ ᠴᠢᠳᠠᠬᠤ ᠱᠠᠭᠠᠷᠳᠠᠯᠭ᠎ᠠ ᠳᠤ | ᠬᠦᠷᠴᠦ ᠴᠢᠳᠠᠵᠠᠢ᠃ | |