︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠳᠦᠷᠢᠮ ︵ᠵᠠᠰᠠᠪᠤᠷᠢ ᠣᠷᠣᠭᠤᠯᠬᠤ ᠲᠥᠰᠦᠯ︶︾ ᠳᠤ ᠢᠯᠡ ᠪᠠᠷ ᠰᠠᠨᠠᠯ ᠬᠤᠷᠢᠶᠠᠬᠤ ᠲᠤᠬᠠᠢ | ᠠᠯᠪᠠᠨ ᠵᠠᠷ | ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠬᠤᠶᠠᠳᠤᠭᠠᠷ ᠤᠳᠠᠭᠠᠨ ᠤ ᠬᠤᠷᠠᠯ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ ︵ | ᠵᠠᠰᠠᠪᠤᠷᠢ ᠣᠷᠣᠭᠤᠯᠬᠤ ᠲᠥᠰᠦᠯ︶︾ ᠢ ᠠᠩᠬ᠎ᠠ ᠤᠳᠠᠭ᠎ᠠ ᠬᠢᠨᠠᠨ ᠵᠥᠪᠯᠡᠵᠦ᠂ 9 ᠳ᠋ᠦ᠋ᠭᠡᠷ ᠰᠠᠷ᠎ᠠ ᠶᠢᠨ | ᠰᠡᠭᠦᠯᠴᠢ ᠪᠠᠷ ᠳᠠᠬᠢᠨ ᠨᠢᠭᠡ ᠤᠳᠠᠭ᠎ᠠ ᠬᠢᠨᠠᠨ ᠵᠥᠪᠯᠡᠬᠦ ᠪᠠᠷ ᠲᠥᠯᠥᠪᠯᠡᠵᠦ ᠪᠤᠢ᠃ ᠤᠳᠤ ᠳᠦᠷᠢᠮ ︵ᠵᠠᠰᠠᠪᠤᠷᠢ | ᠣᠷᠣᠭᠤᠯᠬᠤ ᠲᠥᠰᠦᠯ︶ ᠬᠢᠭᠡᠳ ᠲᠣᠳᠣᠷᠬᠠᠶᠢᠯᠠᠯᠲᠠ ᠶᠢᠨ ᠪᠦᠬᠦ ᠠᠭᠤᠯᠭ᠎ᠠ ᠶᠢ ᠨᠡᠶᠢᠲᠡᠯᠡᠵᠦ᠂ ᠨᠡᠶᠢᠭᠡᠮ ᠤᠨ ᠡᠯ᠎ᠡ | ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠪᠠᠷ ᠪᠤᠢ᠃ ᠵᠠᠰᠠᠪᠤᠷᠢ ᠣᠷᠣᠭᠤᠯᠬᠤ ᠰᠠᠨᠠᠯ ᠰᠠᠨᠠᠭᠤᠯᠭ᠎ᠠ ᠪᠠᠨ | 2016 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ ᠠᠴᠠ ᠡᠮᠦᠨ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ | ᠳᠦᠷᠢᠮ ᠤᠨ ᠠᠵᠢᠯ ᠤᠨ ᠵᠥᠪᠯᠡᠯ ᠳᠤ ᠬᠠᠷᠢᠭᠤ ᠲᠤᠰᠬᠠᠭᠠᠷᠠᠢ᠃ | ᠬᠠᠷᠢᠯᠴᠠᠬᠤ ᠬᠥᠮᠦᠨ᠄ ᠰᠢᠤᠢ ᠶᠠ ᠯᠦ | ᠬᠠᠷᠢᠯᠴᠠᠬᠤ ᠤᠲᠠᠰᠤ᠄ 0471-6656281 ︵ᠹᠠᠺᠰ︶ | ᠡᠯᠧᠺᠲᠷᠣᠨ ᠰᠢᠦᠳᠠᠨ ᠬᠠᠶᠢᠷᠴᠠᠭ ᠤᠨ ᠬᠠᠶ᠋ᠢᠭ᠄ xyl_rd@163.com | ᠬᠠᠷᠢᠯᠴᠠᠬᠤ ᠬᠠᠶ᠋ᠢᠭ᠄ ᠬᠥᠬᠡᠬᠤᠲᠠ ᠶᠢᠨ ᠵᠦᠩ ᠱᠠᠨ ᠵᠡᠭᠦᠨ ᠵᠠᠮ ᠤᠨ 3 ᠳ᠋ᠤᠭᠠᠷ ᠨᠣᠮᠧᠷ | ᠰᠢᠦᠳᠠᠨ ᠳ᠋ᠤᠭᠠᠷ᠄ 010020 | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ | 2016 ᠣᠨ ᠤ 8 ᠳ᠋ᠤᠭᠠᠷ ᠰᠠᠷ᠎ᠠ ᠶᠢᠨ 2 ᠤᠨ ᠡᠳᠦᠷ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠳᠦᠷᠢᠮ ︵ᠵᠠᠰᠠᠪᠤᠷᠢ ᠣᠷᠣᠭᠤᠯᠬᠤ ᠲᠥᠰᠦᠯ︶︾ ᠤᠨ ᠲᠤᠬᠠᠶ ᠲᠣᠳᠣᠷᠬᠠᠶᠢᠯᠠᠯᠲᠠ |