ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠨᠢ ᠥᠪᠥᠷ ᠮᠣᠩᠭᠤᠯ ᠤᠨ ᠶᠡᠭᠡ ᠰᠤᠷᠭᠠᠭᠤᠯᠢ ᠯᠤᠭ᠎ᠠ ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠭᠡᠷ᠎ᠡ ᠲᠤᠭᠲᠠᠪᠠ
ᠨᠡᠶᠢᠲᠡᠯᠡᠭᠰᠡᠨ ᠴᠠᠭ᠄
2016/8/5
     7 ᠳ᠋ᠤᠭᠠᠷ ᠰᠠᠷ᠎ᠠ ᠶᠢᠨ 25 - 26᠎ ᠤ ᠡᠳᠦᠷ ᠪᠤᠯᠲᠠᠯ᠎ᠠ᠂ ᠤᠯᠠᠭᠠᠨᠬᠠᠳᠠ ᠬᠤᠲᠠ ᠳᠤ ᠪᠤᠯᠤᠭᠰᠠᠨ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠪᠠᠶᠢᠭᠠᠯᠢ ᠬᠡᠯᠡ ᠰᠢᠢᠳᠪᠦᠷᠢᠯᠡᠬᠦ ᠵᠠᠯᠠᠭᠤᠴᠤᠳ ᠤᠨ ᠶᠠᠷᠢᠶᠠᠨ ᠤ ᠲᠠᠪᠴᠠᠩ ᠤᠨ ᠬᠤᠷᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠨᠢ ᠥᠪᠥᠷ ᠮᠣᠩᠭᠤᠯ ᠤᠨ ᠶᠡᠭᠡ ᠰᠤᠷᠭᠠᠭᠤᠯᠢ ᠯᠤᠭ᠎ᠠ ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠵᠢᠭᠤᠯᠬᠤ ᠢᠨᠵᠧᠨᠧᠷᠢᠩ ᠤᠨ ᠲᠥᠷᠥᠯ ᠵᠦᠢᠯ ᠢ ᠬᠠᠮᠲᠤ ᠪᠠᠷ ᠪᠠᠶᠢᠭᠤᠯᠬᠤ ᠬᠠᠮᠲᠤᠷᠠᠨ ᠠᠵᠢᠯᠯᠠᠬᠤ ᠵᠦᠪᠳᠡᠯᠴᠡᠭᠡᠷ ᠲᠤ ᠭᠠᠷ ᠤᠨ ᠦᠰᠦᠭ ᠵᠢᠷᠤᠪᠠ︔ ᠬᠤᠩᠱᠠᠨ ᠲᠤᠭᠤᠷᠢᠭ ᠤᠨ ᠵᠠᠰᠠᠭ ᠤᠨ ᠣᠷᠳᠣᠨ ᠨᠢ ᠮᠣᠩᠭᠤᠯ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠯᠤᠭ᠎ᠠ ᠮᠣᠩᠭᠤᠯ ᠤᠯᠤᠰ ᠤᠨ ᠦᠢᠯᠡᠳᠪᠦᠷᠢᠯᠡᠬᠦ ᠵᠢᠭᠠᠬᠤ ᠰᠤᠳᠤᠯᠬᠤ ᠪᠣᠷᠣ ᠲᠦᠯᠦᠪ ᠤᠨ ᠬᠠᠮᠲᠤᠷᠠᠨ ᠠᠵᠢᠯᠯᠠᠬᠤ ᠵᠦᠪᠳᠡᠯᠴᠡᠭᠡᠷ ᠲᠤ ᠭᠠᠷ ᠤᠨ ᠦᠰᠦᠭ ᠵᠢᠷᠤᠪᠠ᠃ ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠭᠦᠸᠧ ᠰᠧᠨ᠂ ᠤᠯᠠᠭᠠᠨᠬᠠᠳᠠ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠰᠡᠴᠡᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠡᠷᠬᠢᠮᠪᠠᠶᠠᠷ᠂ ᠮᠣᠩᠭᠤᠯ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠯ᠊ · ᠪᠤᠯᠤᠳ᠂ ᠬᠤᠩᠱᠠᠨ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠ ᠯᠢ ᠬᠤᠸᠠ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠰᠤᠨ᠋ᠤ᠋ᠷᠲᠤ ᠫᠷᠤᠹᠧᠰᠰᠤᠷ ᠨᠠᠷ ᠬᠤᠷᠠᠯ ᠳᠤ ᠤᠷᠤᠯᠴᠠᠪᠠ᠃      ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠵᠢᠭᠤᠯᠬᠤ ᠪᠥᠳᠥᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠯᠢ ᠡᠷᠲᠡ 2012 ᠣᠨ ᠳᠤ᠂ ᠬᠤᠩᠱᠠᠨ ᠲᠣᠭᠤᠷᠢᠭ ᠤᠨ ᠵᠠᠰᠠᠭ ᠤᠨ ᠣᠷᠳᠣᠨ ᠨᠢ ᠥᠪᠥᠷ ᠮᠣᠩᠭᠤᠯ ᠤᠨ ᠶᠡᠭᠡ ᠰᠤᠷᠭᠠᠭᠤᠯᠢ ᠯᠤᠭ᠎ᠠ ᠬᠠᠮᠲᠤᠷᠠᠨ ᠠᠵᠢᠯᠯᠠᠬᠤ ᠭᠡᠷ᠎ᠡ ᠲᠤᠭᠲᠠᠵᠤ᠂ ᠤᠯᠠᠭᠠᠨᠬᠠᠳᠠ ᠶᠢᠨ ᠮᠧᠩ ᠳ᠋ᠦᠩ ᠡᠭᠦᠯᠡ ᠪᠤᠳᠤᠯᠲᠠ ᠶᠢᠨ ᠲᠦᠪ ᠲᠤ ᠮᠣᠩᠭᠤᠯ ᠬᠡᠯᠡ ᠪᠢᠴᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠡᠭᠦᠯᠡᠨ ᠪᠣᠳᠤᠯᠲᠠ ᠶᠢᠨ ᠲᠠᠪᠴᠠᠩ ᠤᠨ ᠲᠦᠷᠦᠯ ᠵᠦᠢᠯ ᠢ ᠬᠠᠮᠲᠤ ᠪᠠᠷ ᠪᠠᠶᠢᠭᠤᠯᠤᠭᠰᠠᠨ ᠬᠠᠮᠲᠤ ᠦᠨᠳᠦᠰᠦᠲᠡᠨ ᠤ ᠡᠬᠡ ᠬᠡᠯᠡᠨ ᠤ ᠡᠬᠢ ᠪᠠᠶᠠᠯᠢᠭ ᠤᠨ ᠠᠵᠤ ᠦᠢᠯᠡᠰᠵᠢᠭᠦᠯᠬᠦ ᠰᠠᠭᠤᠷᠢᠨ ᠭᠠᠵᠠᠷ ᠪᠠᠶᠢᠭᠤᠯᠪᠠ᠃ ᠤᠢᠢᠷ᠎ᠠ ᠶᠢᠨ ᠵᠢᠯ ᠤᠳ ᠲᠤ᠂ ᠬᠤᠶᠠᠷ ᠲᠠᠯ᠎ᠠ ᠪᠠᠷ ᠢᠶᠠᠨ ᠮᠡᠷᠭᠡᠵᠢᠯ ᠤᠨ ᠭᠤᠣᠯᠯᠠᠭᠴᠢ ᠠᠩᠭᠢ ᠪᠦᠯᠬᠦᠮ ᠢ ᠢᠳᠡᠪᠬᠢᠲᠡᠶ ᠵᠣᠬᠢᠶᠠᠨ ᠪᠠᠶᠢᠭᠤᠯᠵᠤ ᠮᠣᠩᠭᠤᠯ ᠬᠡᠯᠡᠨ ᠤ ᠮᠠᠲ᠋ᠧᠷᠢᠶᠠᠯ ᠤᠨ ᠬᠥᠮᠥᠷᠭᠡ᠂ ᠬᠢᠲᠠᠳ ᠮᠣᠩᠭᠤᠯ ᠠᠩᠭ᠍ᠯᠢ ᠶᠠᠫᠣᠨ ᠬᠡᠯᠡᠨ ᠤ ᠲᠤᠮᠤ ᠲᠤᠯᠢ᠂ ᠮᠠᠰᠢᠨ ᠣᠷᠴᠢᠭᠤᠯᠭ᠎ᠠ ᠶᠢᠨ ᠰᠢᠰᠲ᠋ᠧᠮ ᠵᠡᠷᠭᠡ ᠠᠯᠢ ᠣᠯᠠᠨ ᠰᠢᠰᠲ᠋ᠧᠮ ᠢ ᠰᠤᠳᠤᠯᠤᠨ ᠨᠡᠭᠡᠭᠡᠬᠦ ᠠᠵᠢᠯ ᠪᠣᠯᠤᠨ ᠶᠡᠭᠡ ᠬᠡᠮᠵᠢᠶᠡᠨ ᠤ ᠰᠠᠭᠤᠷᠢ ᠴᠢᠨᠠᠷᠲᠠᠶ ᠠᠵᠢᠯ ᠦᠷᠨᠢᠭᠦᠯᠪᠡ᠃      ᠲᠤᠰ ᠤᠳᠠᠭᠠᠨ ᠤ ᠵᠦᠪᠳᠡᠯᠴᠡᠭᠡᠷ ᠲᠤ ᠭᠠᠷ ᠤᠨ ᠦᠰᠦᠭ ᠵᠢᠷᠤᠭᠰᠠᠨ ᠶᠠᠪᠤᠳᠠᠯ ᠨᠢ ᠮᠧᠩ ᠳ᠋ᠦᠩ ᠡᠭᠦᠯᠡᠨ ᠪᠤᠳᠤᠯᠲᠠ ᠶᠢᠨ ᠢᠨᠵᠧᠨᠧᠷᠢᠩ ᠤᠨ ᠲᠦᠷᠦᠯ ᠵᠦᠢᠯ ᠤᠨ ᠪᠦᠲᠦᠮᠵᠢᠲᠡᠶ ᠬᠡᠷᠡᠭᠯᠡᠯᠲᠡ ᠪᠤᠯᠤᠨ ᠮᠠᠨ ᠤ ᠬᠤᠲᠠ ᠶᠢᠨ ᠮᠣᠩᠭᠤᠯ ᠬᠡᠯᠡᠨ ᠤ ᠮᠡᠳᠡᠭᠡ ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ ᠳᠤ ᠰᠢᠨ᠎ᠡ ᠬᠥᠳᠡᠯᠭᠡᠬᠦ ᠬᠦᠴᠦᠨ ᠤᠯᠭᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号