ᠪᠠᠶᠠᠨᠨᠠᠭᠤᠷ ᠬᠤᠳᠠ ᠶᠢᠨ 2016 ᠣᠨ ᠤ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭᠠᠲᠤ ᠭᠡᠷ ᠪᠦᠯᠢ ᠶᠢᠨ ᠦᠷ᠎ᠡ ᠬᠡᠦᠬᠡᠳ᠂ ᠥᠨᠥᠴᠢᠨ ᠬᠡᠦᠬᠡᠳ ᠤᠨ ᠡᠩ ᠤᠨ ᠶᠡᠭᠡ ᠳᠡᠭᠡᠳᠦ | ᠰᠤᠷᠭᠠᠭᠤᠯᠢ ᠳᠤ ᠳᠠᠪᠰᠢᠨ ᠤᠷᠤᠭᠰᠠᠨ ᠰᠢᠨ᠎ᠡ ᠰᠤᠷᠤᠭᠴᠢᠳ ᠢ ᠲᠤᠰᠠᠯᠠᠬᠤ ᠠᠵᠢᠯ 8 ᠳ᠋ᠤᠭᠠᠷ ᠰᠠᠷ᠎ᠠ ᠶᠢᠨ 1 ᠤ | ᠡᠳᠦᠷ ᠠᠴᠠ ᠪᠦᠬᠦ ᠲᠠᠯ᠎ᠠ ᠪᠠᠷ ᠥᠷᠨᠢᠪᠡ᠃ | ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠶᠢᠨ ᠬᠡᠦᠬᠡᠳ ᠤᠨ | ᠡ᠊ᠩ ᠤᠨ ᠶᠡᠭᠡ ᠳᠡᠭᠡᠳᠦ ᠰᠤᠷᠭᠠᠭᠤᠯᠢ ᠳᠤ ᠳᠠᠪᠰᠢᠨ ᠤᠷᠤᠭᠰᠠᠨ ᠰᠢᠨ᠎ᠡ ᠰᠤᠷᠤᠭᠴᠢᠳ ︵ᠥᠨᠥᠴᠢᠨ ᠬᠡᠦᠬᠡᠳ | ᠪᠠᠭᠲᠠᠨ᠎ᠠ︶ ᠤᠨ ᠲᠤᠰᠠᠯᠠᠮᠵᠢ ᠬᠦᠷᠲᠡᠭᠰᠡᠳ ᠪᠤᠯ ᠲᠤᠰ ᠵᠢᠯ ᠡᠩ ᠤᠨ ᠶᠡᠭᠡ ᠳᠡᠭᠡᠳᠦ ᠰᠤᠷᠭᠠᠭᠤᠯᠢ ︵ᠤᠯᠤᠰ ᠠᠴᠠ | ᠵᠥᠪᠰᠢᠶᠡᠷᠡᠨ ᠪᠠᠶᠢᠭᠤᠯᠤᠭᠰᠠᠨ᠂ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ | ᠬᠡᠷᠡᠭᠵᠢᠭᠦᠯᠵᠦ ᠪᠠᠶᠢᠭ᠎ᠠ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠬᠢ ᠶᠢᠨ ᠶᠡᠭᠡ ᠳᠡᠭᠡᠳᠦ | ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠳᠡᠭᠡᠳᠦ ᠵᠡᠷᠭᠡ ᠶᠢᠨ ᠲᠤᠰᠬᠠᠶ | ᠮᠡᠷᠭᠡᠵᠢᠯ ᠤᠨ ᠰᠤᠷᠭᠠᠭᠤᠯᠢ᠂ ᠰᠤᠷᠭᠠᠭᠤᠯᠢ ᠶᠢᠨ ᠨᠡᠷᠡᠰ ᠢ ᠰᠤᠷᠭᠠᠨ ᠬᠥᠮᠦᠵᠢᠯ ᠤᠨ ᠶᠠᠮᠤᠨ ᠤ ᠨᠡᠶᠢᠲᠡᠯᠡᠭᠰᠡᠨ ᠢᠶᠠᠷ | ᠪᠠᠷᠢᠮᠵᠢᠶ᠎ᠠ ᠪᠣᠯᠭᠠᠨ᠎ᠠ︶ ᠳᠤ ᠡᠯᠰᠡᠭᠳᠡᠭᠰᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ | ᠠᠮᠠ ᠶᠢᠨ ᠳᠠᠩᠰᠠ ᠲᠠᠢ ᠪᠥᠭᠡᠳ ᠡᠯᠰᠡᠭᠳᠡᠬᠦ ᠦᠶ᠎ᠡ ᠳᠡᠭᠡᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭᠠᠲᠤ ᠡᠷᠦᠬᠡ ᠶᠢᠨ ᠬᠡᠦᠬᠡᠳ ᠪᠠᠶᠢᠭᠰᠠᠨ ᠪᠤᠶᠤ ᠥᠨᠥᠴᠢᠨ ᠬᠡᠦᠬᠡᠳ ᠪᠤᠯᠤᠨ᠎ᠠ︔ ᠲᠤᠰᠠᠯᠠᠨ | ᠲᠡᠳᠬᠦᠬᠦ ᠪᠠᠷᠢᠮᠵᠢᠶ᠎ᠠ ᠨᠢ ᠭᠡᠪᠡᠯ᠄ ᠡᠩ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠡᠯᠰᠡᠭᠳᠡᠭᠰᠡᠨ ᠰᠢᠨ᠎ᠡ | ᠰᠤᠷᠤᠭᠴᠢ ᠶᠢ ᠨᠢᠭᠡ ᠯᠡ ᠤᠳᠠᠭ᠎ᠠ ᠶᠢᠨ ᠴᠢᠨᠠᠷᠲᠠᠶ 40000 ᠲᠥᠭᠦᠷᠢᠭ ᠢᠶᠠᠷ ᠲᠤᠰᠠᠯᠠᠵᠤ᠂ ᠡᠩ ᠤᠨ ᠳᠡᠭᠡᠳᠦ | ᠰᠤᠷᠭᠠᠭᠤᠯᠢ ᠶᠢᠨ ᠲᠤᠰᠬᠠᠶ ᠮᠡᠷᠭᠡᠵᠢᠯ ᠪᠤᠶᠤ ᠳᠡᠭᠡᠲᠤ ᠵᠡᠷᠭᠡ ᠶᠢᠨ ᠠᠵᠢᠯ ᠮᠡᠷᠭᠡᠵᠢᠯ ᠳᠤ ᠡᠯᠰᠡᠭᠳᠡᠭᠰᠡᠨ ᠰᠢᠨ᠎ᠡ | ᠰᠤᠷᠤᠭᠴᠢ ᠶᠢ ᠨᠢᠭᠡ ᠯᠡ ᠤᠳᠠᠭᠠᠨ ᠤ ᠴᠢᠨᠠᠷᠲᠠᠶ 30000 ᠲᠥᠭᠦᠷᠢᠭ ᠢᠶᠠᠷ ᠲᠤᠰᠠᠯᠠᠨ᠎ᠠ᠃ | ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠶᠢᠨ ᠬᠡᠦᠬᠡᠳ ᠤᠨ | ᠡ᠊ᠩ ᠤᠨ ᠳᠡᠭᠡᠳᠦ ᠰᠤᠷᠭᠠᠭᠤᠯᠢ ᠳᠤ ᠳᠠᠪᠰᠢᠨ ᠤᠷᠤᠭᠰᠠᠨ ᠰᠢᠨ᠎ᠡ ᠰᠤᠷᠤᠭᠴᠢᠳ ︵ᠥᠨᠥᠴᠢᠨ ᠬᠡᠦᠬᠡᠳ | ᠪᠠᠭᠲᠠᠨ᠎ᠠ︶ ᠲᠤ ᠲᠤᠰᠠᠯᠠᠮᠵᠢ ᠬᠦᠷᠲᠡᠭᠡᠬᠦ ᠳᠡᠰ ᠳᠠᠷᠠᠭᠠᠯᠠᠯ ᠪᠤᠯ᠂ ᠶᠡᠭᠡ ᠳᠡᠭᠡᠲᠤ ᠰᠤᠷᠭᠠᠭᠤᠯᠢ ᠳᠤ ᠡᠯᠰᠡᠭᠳᠡᠭᠰᠡᠨ | ᠮᠡᠳᠡᠭᠳᠡᠯ ᠤᠨ ᠪᠢᠴᠢᠭ ᠢ ᠣᠯᠤᠭᠰᠠᠨ ᠤ ᠳᠠᠷᠠᠭ᠎ᠠ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠭᠡᠷ | ᠪᠦᠯᠢ ᠶᠢᠨ ᠦᠷ᠎ᠡ ᠬᠡᠦᠬᠡᠳ ᠪᠤᠶᠤ ᠥᠨᠥᠴᠢᠨ ᠬᠡᠦᠬᠡᠳ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ | ᠰᠤᠷᠤᠭᠴᠢ ᠶᠢ ᠲᠤᠰᠠᠯᠠᠨ ᠲᠡᠳᠬᠦᠬᠦ ᠬᠠᠮᠢᠶᠠᠷᠤᠯᠲᠠ ᠶᠢᠨ ᠲᠥᠪ ᠲᠤ ᠤᠴᠢᠵᠤ ᠭᠤᠶᠤᠴᠢᠯᠠᠨ᠎ᠠ︔ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠬᠢᠨᠠᠨ ᠬᠠᠷᠭᠤᠭᠤᠯᠤᠨ᠎ᠠ︔ ᠬᠢᠨᠠᠨ ᠬᠠᠷᠭᠤᠭᠤᠯᠤᠭᠠᠳ ᠵᠦᠪᠰᠢᠶᠡᠷᠡᠭᠰᠡᠨ ᠤ ᠲᠠᠷᠠᠭ᠎ᠠ | 5 ᠠᠵᠢᠯᠯᠠᠬᠤ ᠡᠳᠦᠷ ᠨᠡᠶᠢᠲᠡ ᠳᠤ ᠵᠠᠷᠯᠠᠨ᠎ᠠ︔ ᠨᠡᠶᠢᠲᠡ ᠳᠤ ᠵᠠᠷᠯᠠᠭᠠᠳ ᠣᠨᠳᠣᠣ ᠰᠠᠨᠠᠯ ᠥᠭᠡᠢ ᠪᠣᠯ ᠬᠤᠶᠠᠷ | ᠪᠦᠯᠦᠭ ᠬᠤᠪᠢᠶᠠᠨ᠂ ᠨᠢᠭᠡᠳᠦᠭᠡᠷ ᠪᠦᠯᠦᠭ ᠢ 8 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ᠂ ᠬᠤᠶᠠᠳᠤᠭᠠᠷ | ᠪᠦᠯᠦᠭ ᠢ 9 ᠳ᠋ᠤᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ᠎ᠡ᠃ | ᠲᠤᠰᠠᠯᠠᠨ ᠲᠡᠳᠬᠦᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ ᠶᠢᠨ ᠡᠳ᠋ ᠤᠨ | ᠵᠠᠰᠠᠭ ᠤᠨ ᠰᠠᠯᠠᠭ᠎ᠠ ᠮᠥᠴᠢᠷ ᠲᠤ ᠪᠠᠭᠤᠯᠭᠠᠭᠰᠠᠨ ᠤ ᠳᠠᠷᠠᠭ᠎ᠠ᠂ 10 ᠠᠵᠢᠯᠯᠠᠬᠤ ᠡᠳᠦᠷ ᠤᠨ ᠳᠣᠲᠣᠷ᠎ᠠ ᠲᠤᠰᠠᠯᠠᠮᠵᠢ | ᠬᠦᠷᠲᠡᠬᠦ ᠰᠤᠷᠤᠭᠴᠢ ᠶᠢᠨ ᠬᠤᠪᠢ ᠬᠦᠮᠦᠨ ᠤ ᠪᠠᠩᠬᠢ ᠶᠢᠨ ᠺᠠᠷᠲ ᠲᠤ ᠤᠷᠤᠭᠤᠯᠵᠤ ᠦᠭᠭᠦᠨ᠎ᠡ᠃ |