ᠪᠦᠬᠦ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠨᠠᠮ ᠤᠨ ᠬᠡᠰᠢᠭᠦᠨ ᠺᠠᠳ᠋ᠷᠴᠤᠳ ᠤᠨ ᠰᠡᠷᠡᠮᠵᠢ ᠶᠢᠨ ᠬᠦᠮᠦᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/9/1
           8 ᠳ᠋ᠤᠭᠠᠷ ᠰᠠᠷ᠎ᠠ ᠶᠢᠨ 31᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠪᠦᠬᠦ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠨᠠᠮ ᠎ ᠤᠨ ᠬᠡᠰᠢᠭᠦᠨ ᠺᠠᠳ᠋ᠷᠴᠤᠳ ᠤᠨ ᠰᠡᠷᠡᠮᠵᠢ ᠶᠢᠨ ᠬᠦᠮᠦᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠪᠠ᠃ ᠬᠤᠷᠠᠯ ᠲᠡᠭᠡᠷ᠎ᠡ᠂ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠰᠠᠬᠢᠯᠭ᠎ᠠ ᠪᠠᠳᠤ ᠪᠠᠶᠢᠴᠠᠭᠠᠬᠤ ᠲᠤᠭᠤᠢᠢᠯᠠᠩ ᠤᠨ ᠤᠤᠯ ᠤᠨ ᠲᠠᠷᠤᠭ᠎ᠠ ᠯᠢᠦ ᠪᠤᠤ ᠵᠢᠶᠦ᠋ᠨ ᠪᠤᠯᠤᠨ ᠬᠦᠬᠡᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠤᠤᠯ ᠤᠨ ᠲᠡᠳ᠋ ᠱᠦᠵᠢ ᠪᠠᠢ ᠪᠢᠩ ᠤᠨ ᠰᠠᠬᠢᠯᠭ᠎ᠠ ᠪᠠᠳᠤ ᠪᠠ ᠬᠠᠤᠯᠢ ᠠᠴᠠ ᠬᠦᠨᠳᠤ ᠨᠤᠴᠢᠳᠠᠢ ᠵᠦᠷᠢᠴᠡᠭᠰᠡᠨ ᠬᠤᠶᠠᠷ ᠬᠡᠷᠡᠭ ᠢ ᠵᠠᠷᠯᠠᠨ ᠨᠡᠶᠢᠳᠡᠯᠡᠵᠤ ᠵᠠᠳᠠᠯᠦᠨ ᠰᠢᠨᠵᠢᠯᠡᠵᠤ᠂ ᠪᠦᠬᠦ ᠤᠷᠤᠨ ᠤ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠲᠤ ᠬᠡᠷᠡᠭ ᠢᠶᠠᠷ ᠲᠤᠯᠢ ᠪᠤᠯᠭᠠᠵᠤ ᠰᠡᠷᠡᠮᠵᠢᠯᠡᠭᠦᠯᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠵᠠᠩ ᠯᠢ ᠬᠡᠷᠡᠭ ᠤᠨ ᠲᠤᠬᠠᠢ ᠵᠠᠳᠠᠯᠵᠤ ᠰᠢᠨᠵᠢᠯᠡᠭᠰᠡᠨ ᠮᠡᠳᠡᠭᠦᠯᠦᠯᠳᠡ ᠬᠢᠪᠡ᠃      ᠵᠠᠩ ᠯᠢ ᠵᠢᠭᠠᠵᠤ ᠭᠠᠷᠭᠠᠬᠰᠠᠨ ᠨᠢ᠂ ᠪᠦᠬᠦ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠨᠠᠮ ᠤᠨ ᠬᠡᠰᠢᠭᠦᠨ ᠺᠠᠳ᠋ᠷᠴᠤᠳ ᠬᠦᠰᠡᠯᠡᠩ ᠢᠳᠡᠭᠡᠯ ᠪᠢᠰᠢᠷᠡᠯ ᠢᠶᠠᠨ ᠪᠠᠳᠤᠳᠬᠠᠬᠤ ᠪᠠ ᠨᠠᠮᠴᠢ ᠴᠢᠨᠠᠷ ᠎ ᠤᠨ ᠬᠡᠪ ᠪᠤᠯᠪᠠᠰᠤᠷᠠᠯ ᠢ ᠢᠮᠠᠬᠳᠠ ᠲᠤᠪᠤᠶᠢᠮ᠎ᠠ ᠪᠠᠶᠢᠷᠢᠨ ᠳᠤ ᠲᠠᠯᠪᠢᠵᠤ᠂ ᠨᠠᠮ ᠤᠨ ᠲᠦᠷᠢᠮ ᠪᠠ ᠶᠡᠷᠦᠩᠬᠡᠢ ᠱᠦᠵᠢ ᠰᠢ ᠶᠢᠨ ᠫᠢᠡᠭ ᠤᠨ ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠪᠤᠯᠤᠨ ᠠᠷᠠᠳ ᠲᠦᠮᠡᠨ ᠢᠶᠠᠨ ᠡᠭᠦᠷᠢᠳᠡ ᠰᠡᠳᠬᠢᠯ ᠳᠡᠭᠡᠨ ᠠᠬᠤᠭᠤᠯᠬᠤ ᠬᠡᠷᠡᠭᠳᠡᠢ᠃ ᠨᠠᠮ ᠤᠨ ᠵᠤᠷᠢᠯᠳᠠ᠂ ᠲᠤᠰᠢᠶᠠᠯ ᠬᠠᠷᠢᠭᠤᠴᠠᠯᠭ᠎ᠠ ᠪᠠ ᠲᠡᠤᠭᠡᠳᠦ ᠡᠭᠦᠷᠭᠡ ᠶᠢ ᠪᠠᠳᠤ ᠴᠡᠭᠡᠵᠢᠯᠡᠵᠤ᠂ ᠵᠦᠪ ᠤᠨᠤᠪᠴᠢᠳᠠᠢ ᠡᠷᠭᠡ ᠶᠢᠨ ᠦᠵᠡᠯᠳᠡ᠂ ᠠᠰᠢᠭ ᠤᠨ ᠦᠵᠡᠯᠳᠡ ᠶᠢ ᠪᠤᠢ ᠪᠤᠯᠭᠠᠨ᠂ ᠬᠦᠮᠦᠨ ᠪᠤᠯᠬᠤ ᠪᠠ ᠪᠤᠰᠤᠳ ᠲᠠᠢ ᠨᠦᠬᠦᠷᠯᠡᠭᠦ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠦᠪᠡᠷ ᠤᠨ ᠪᠡᠶ᠎ᠠ ᠪᠠᠨ ᠴᠠᠭ ᠢᠮᠠᠭᠳᠠ ᠰᠤᠨᠤᠷ ᠰᠡᠷᠡᠮᠵᠢ ᠲᠠᠢ ᠪᠠᠶᠢᠯᠭᠠᠬᠤ ᠬᠡᠷᠡᠭᠳᠡᠢ ᠃ ᠨᠠᠮ ᠤᠨ ᠵᠤᠬᠢᠶᠠᠨ ᠪᠠᠶᠢᠭᠤᠯᠤᠯᠳᠠ᠂ ᠨᠠᠮ ᠤᠨ ᠰᠠᠬᠢᠯᠭ᠎ᠠ ᠪᠠᠳᠤ ᠶᠤᠰᠤ ᠲᠦᠷᠢᠮ ᠢ ᠰᠠᠬᠢᠵᠤ᠂ ᠬᠠᠳᠠᠭᠤ ᠴᠢᠩᠭ᠎ᠠ ᠱᠠᠭᠠᠷᠳᠠᠯᠭ᠎ᠠ ᠪᠤᠯᠤᠨ ᠦᠨᠡᠨ ᠪᠤᠳᠠᠳᠠᠢ ᠵᠤᠷᠢᠭ ᠰᠠᠨᠠᠭ᠎ᠠ ᠪᠠᠷ ᠦᠪᠡᠷ ᠢ ᠪᠠᠨ ᠴᠢᠩᠭ᠎ᠠ ᠱᠠᠭᠠᠷᠳᠠᠨ᠂ ᠠᠮᠤᠷ ᠲᠦᠪᠰᠢᠨ ᠦᠶ᠎ᠡ ᠳᠤ ᠠᠶᠤᠯ ᠲᠦᠭᠰᠢᠭᠦᠷᠢ ᠶᠢ ᠮᠠᠷᠳᠠᠬᠤ ᠦᠭᠡᠢ᠂ ᠤᠷᠢᠳᠴᠢᠯᠡᠨ ᠰᠡᠷᠬᠡᠶᠢᠯᠡᠵᠤ᠂ ᠰᠠᠬᠢᠯᠭ᠎ᠠ ᠪᠠᠳᠤ ᠶᠢ ᠰᠠᠬᠢᠬᠤ ᠪᠠ ᠶᠤᠰᠤ ᠲᠦᠷᠢᠮ ᠢ ᠡᠷᠬᠢᠮᠯᠡᠭᠦ ᠬᠡᠪ ᠲᠠᠭᠤᠷᠢᠶᠠᠯ ᠪᠤᠯᠬᠤ ᠬᠡᠷᠡᠭᠳᠡᠢ ᠬᠡᠪᠡ᠃      ᠵᠠᠩ ᠯᠢ ᠱᠠᠭᠠᠷᠳᠠᠬᠰᠠᠨ ᠨᠢ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨ ᠲᠤᠳᠤᠭᠠᠳᠦ ᠶᠢᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ︽ᠬᠤᠤᠰ ᠬᠠᠷᠢᠭᠤᠴᠠᠯᠭ᠎ᠠ︾᠎ ᠪᠠᠨ ᠦᠨᠡᠨᠭᠦ ᠰᠠᠶᠢᠳᠤᠷ ᠨᠠᠶᠢᠳᠡᠪᠦᠷᠢᠵᠢᠭᠤᠯᠵᠤ᠂ ᠬᠦᠮᠦᠵᠢᠬᠦᠯᠬᠦ᠂ ᠬᠠᠮᠢᠶᠠᠷᠬᠤ ᠵᠢᠴᠢ ᠬᠢᠨᠠᠯᠳᠠ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠭᠠᠳᠠᠨᠠᠬᠢ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ ᠠᠪᠬᠤ ᠶᠢᠨ ᠬᠠᠮᠳᠤ ᠲᠤᠰ ᠪᠡᠶ᠎ᠡ ᠶᠢᠨ ᠬᠢᠨᠠᠯᠳᠠ ᠶᠢᠨ ᠲᠤᠭᠳᠠᠴᠠ ᠶᠢ ᠲᠡᠭᠦᠯᠳᠡᠷᠵᠢᠭᠦᠯᠦᠨ᠂ ᠪᠠᠳᠤ ᠴᠢᠩᠭ᠎ᠠ ᠰᠠᠬᠢᠯᠭ᠎ᠠ ᠪᠠᠳᠤ ᠪᠠᠷ ᠨᠠᠮ ᠪᠤᠯᠤᠨ ᠠᠷᠠᠳ ᠲᠦᠮᠡᠨ ᠳᠡᠭᠡᠨ ᠢᠳᠡᠭᠡᠮᠵᠢᠳᠠᠢ᠂ ᠦᠨᠡᠨᠴᠢ ᠰᠢᠳᠤᠷᠭᠤ᠂ ᠠᠷᠢᠭᠤᠨ ᠴᠢᠭᠡᠴᠢ᠂ ᠵᠤᠷᠢᠬᠳᠠᠢ ᠪᠠᠷ ᠬᠠᠷᠢᠭᠤᠴᠠᠯᠭ᠎ᠠ ᠡᠭᠦᠷᠭᠡᠯᠡᠭᠦ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠨ ᠡᠩᠨᠡᠭᠡ ᠶᠢ ᠴᠤᠬᠴᠠᠯᠠᠨ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠬᠦᠭᠵᠢᠯᠳᠡ ᠪᠤᠯᠤᠨ ᠨᠡᠶᠢᠭᠡᠮ ᠤᠨ ᠠᠮᠤᠷ ᠲᠤᠭᠳᠠᠭᠤᠨ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠳᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号