ᠡᠨᠡ ᠵᠢᠯ ᠠᠴᠠ ᠨᠠᠰᠢ᠂ ᠰᠢᠯᠢ ᠶᠢᠨ ᠭᠤᠣᠯ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ︽ᠳᠥᠷᠪᠡᠨ | ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠶᠢ ᠡᠭᠦᠳᠬᠦ᠂ | ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠲᠡ ᠲᠠᠢ ᠪᠦᠭᠡᠳ ᠬᠠᠮᠲᠤ ᠪᠠᠷ ᠬᠦᠷᠲᠡᠬᠦ ᠲᠠᠪᠤᠨ ᠶᠡᠭᠡ | ᠬᠥᠭᠵᠢᠯᠲᠡ ᠶᠢᠨ ᠣᠨᠣᠯᠵᠢᠬᠤᠨ ᠢᠶᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ | ᠠᠷᠪᠠᠨ ᠨᠠᠢᠮᠠᠳᠤᠭᠠᠷ ᠶᠡᠭᠡ ᠬᠤᠷᠠᠯ ᠤᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ᠂ | ᠶᠡᠷᠦᠩᠬᠡᠶ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ | ᠣᠷᠣᠨ ᠤ ︽8337︾ ᠬᠥᠭᠵᠢᠯᠲᠡ ᠶᠢᠨ ᠰᠡᠳᠬᠢᠮᠵᠢ ᠪᠠ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ᠡᠳ᠋ ᠤᠨ | ᠵᠠᠰᠠᠭ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠣᠷᠣᠯᠭ᠎ᠠ ᠶᠢ ᠵᠣᠬᠢᠶᠠᠨ ᠪᠠᠶᠢᠭᠤᠯᠬᠤ ᠠᠵᠢᠯ ᠢ | ᠪᠦᠬᠦ ᠬᠦᠴᠦ ᠪᠠᠷ ᠢᠶᠠᠨ ᠰᠠᠶᠢᠲᠤᠷ ᠠᠳᠬᠤᠵᠤ᠂ ᠲᠠᠪᠤᠨ ᠶᠡᠭᠡ ᠡᠭᠦᠷᠭᠡ ᠶᠢ ᠲᠦᠯᠬᠢᠨ ᠠᠬᠢᠭᠤᠯᠬᠤ ᠳᠤ ᠡᠳ᠋ ᠤᠨ | ᠬᠦᠴᠦᠨ ᠤ ᠪᠠᠲᠤᠯᠠᠭ᠎ᠠ ᠣᠯᠭᠤᠪᠠ᠃ ᠨᠢᠭᠡ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠦᠷᠦᠭᠦᠯᠡᠨ | ᠵᠣᠬᠢᠶᠠᠨ ᠪᠠᠶᠢᠭᠤᠯᠬᠤ ᠦᠢᠯᠡᠳᠦᠯ ᠢ ᠪᠠᠳᠠᠷᠠᠭᠤᠯᠵᠤ᠂ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠠᠬᠤᠶ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ | ᠯᠦᠭᠡ ᠰᠠᠨᠠᠭᠠᠴᠢᠯᠠᠭ᠎ᠠ ᠠᠴᠠ ᠪᠠᠨ ᠵᠣᠬᠢᠴᠠᠯᠳᠤᠨ ᠨᠡᠪᠲᠡᠷᠡᠯᠴᠡᠵᠦ᠂ ᠭᠠᠵᠠᠷ ᠣᠷᠣᠨ᠂ ᠰᠠᠯᠠᠭ᠎ᠠ ᠮᠥᠴᠢᠷ᠂ ᠠᠵᠢᠯ | ᠲᠦᠷᠦᠯ᠂ ᠭᠠᠶᠢᠯᠢ ᠶᠢᠨ ᠲᠦᠷᠤᠯ ᠬᠤᠪᠢᠶᠠᠨ 2016 ᠣᠨ ᠤ ᠪᠦᠬᠦ ᠠᠶᠢᠮᠠᠭ ᠤᠨ ᠡᠳ᠋ ᠤᠨ ᠵᠠᠰᠠᠭ ᠤᠨ | ᠣᠷᠣᠯᠭ᠎ᠠ ᠶᠢᠨ ᠪᠠᠶᠢᠳᠠᠯ ᠢ ᠵᠠᠳᠠᠯᠤᠨ ᠪᠤᠳᠤᠭᠠᠳ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠦ | ᠪᠤᠳᠤᠯᠭ᠎ᠠ ᠲᠣᠭᠲᠠᠭᠠᠬᠤ ᠳᠤ ᠡᠰᠢ ᠪᠠᠷᠢᠮᠲᠠ ᠣᠯᠭᠤᠪᠠ᠃ ᠬᠤᠶᠠᠷ ᠲᠤ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠵᠢᠯ ᠤᠨ ᠡᠬᠢᠨ ᠳᠤ ᠲᠣᠭᠲᠠᠭᠰᠠᠨ ᠣᠷᠣᠯᠭ᠎ᠠ ᠶᠢᠨ ᠬᠠᠷᠠᠯᠲᠠ ᠶᠣᠰᠤᠭᠠᠷ᠂ ᠴᠠᠭ ᠳᠠᠷᠠᠭᠠᠯᠠᠭᠰᠠᠨ | ᠠᠬᠢᠴᠠ ᠪᠠᠷ ᠰᠠᠯᠠᠭ᠎ᠠ ᠮᠥᠴᠢᠷ᠂ ᠭᠠᠵᠠᠷ ᠣᠷᠣᠨ ᠬᠤᠪᠢᠶᠠᠨ ᠵᠠᠳᠠᠯᠤᠨ ᠨᠠᠶᠢᠳᠠᠪᠤᠷᠢᠵᠢᠭᠤᠯᠪᠠ᠃ ᠭᠤᠷᠪᠠ ᠳᠤ ᠪᠦᠬᠦ | ᠠᠶᠢᠮᠠᠭ ᠤᠨ ᠡᠳ᠋ ᠤᠨ ᠵᠠᠰᠠᠭ ᠭᠠᠶᠢᠯᠢ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠠ | ᠣᠷᠣᠯᠭ᠎ᠠ ᠶᠢ ᠵᠣᠬᠢᠶᠠᠨ ᠪᠠᠶᠢᠭᠤᠯᠬᠤ ᠠᠵᠢᠯ ᠢ ᠤᠯᠠᠮ ᠰᠠᠶᠢᠲᠤᠷ ᠬᠢᠬᠦ ᠪᠣᠳᠠᠲᠠᠶ ᠲᠣᠬᠢᠷᠠᠭᠤᠯᠪᠠ᠃ ᠲᠦᠷᠪᠡ ᠳᠤ | ᠪᠠᠶᠢᠴᠠᠭᠠᠨ ᠰᠤᠳᠤᠯᠬᠤ ᠬᠢᠨᠠᠨ ᠵᠢᠯᠣᠭᠤᠳᠬᠤ ᠶᠢ ᠴᠢᠩᠭᠠᠳᠬᠠᠵᠤ᠂ ᠲᠥᠰᠦᠪᠯᠡᠨ ᠵᠠᠳᠠᠯᠬᠤ ᠠᠵᠢᠯ ᠢ ᠴᠢᠩᠭᠠᠳᠬᠠᠵᠤ | ᠂ ᠥᠷᠢ ᠰᠢᠷᠢ ᠶᠢ ᠢᠯᠭᠠᠷᠠᠭᠤᠯᠬᠤ ᠡᠷᠴᠢᠮ ᠢ ᠴᠢᠩᠭᠠᠷᠠᠭᠤᠯᠵᠤ᠂ ᠣᠷᠣᠯᠭ᠎ᠠ ᠨᠡᠮᠡᠭᠳᠡᠭᠦᠯᠬᠦ ᠳᠠᠯᠳᠠ ᠬᠦᠴᠦᠨ ᠢ | ᠴᠢᠷᠮᠠᠶᠢᠨ ᠠᠭᠤᠳᠠᠯᠪᠠ᠃ ᠪᠦᠬᠦ ᠠᠶᠢᠮᠠᠭ ᠤᠨ ᠡᠯ᠎ᠡ ᠰᠠᠯᠠᠭ᠎ᠠ ᠮᠥᠴᠢᠷ ᠪᠣᠯᠤᠨ ᠭᠠᠵᠠᠷ ᠣᠷᠣᠨ ᠤ ᠬᠠᠮᠲᠤ ᠶᠢᠨ | ᠴᠢᠷᠮᠠᠶᠢᠯᠭ᠎ᠠ ᠪᠠᠷ ᠳᠠᠮᠵᠢᠭᠠᠳ᠂ ᠠᠩᠬᠠᠨ ᠤ ᠤᠯᠠᠷᠢᠯ ᠳᠤ ︽ᠡᠬᠢᠯᠡᠮᠡᠭᠴᠡ ᠦᠯᠵᠡᠢ ᠲᠠᠢ︾᠂ ᠳᠡᠭᠡᠷ᠎ᠡ ᠬᠠᠭᠠᠰ | ᠵᠢᠯ ᠳᠤ ︽ᠴᠠᠭ ᠪᠠ ᠡᠭᠦᠷᠭᠡ ᠶᠢ ᠬᠠᠭᠠᠰᠯᠠᠬᠤ︾ ᠬᠠᠷᠠᠯᠲᠠᠲᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | 7 ᠳ᠋ᠤᠭᠠᠷ ᠰᠠᠷ᠎ᠠ ᠶᠢᠨ ᠰᠡᠭᠦᠯᠴᠢ ᠪᠣᠯᠬᠤ ᠳᠤ᠂ ᠪᠦᠬᠦ ᠠᠶᠢᠮᠠᠭ ᠤᠨ ᠡ᠊ᠩ ᠤᠨ ᠤᠯᠠᠨ ᠨᠡᠶᠢᠲᠡ ᠶᠢᠨ ᠲᠥᠰᠦᠪ ᠤᠨ | ᠣᠷᠣᠯᠭ᠎ᠠ 60.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠯᠭᠠᠨ ᠬᠢᠨᠠᠬᠤ | ᠬᠠᠷᠠᠯᠲᠠ ᠶᠢᠨ 58% ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.2 ᠳ᠋ᠦᠩᠰᠢᠭᠤᠷ | ᠲᠥᠭᠦᠷᠢᠭ ᠨᠡᠮᠡᠭᠳᠡᠵᠦ᠂ 11.3% ᠪᠠᠷ ᠨᠡᠮᠡᠭᠳᠡᠵᠦ᠂ ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠲᠣᠲᠣᠷ᠎ᠠ | ᠶᠡᠷᠦᠩᠬᠡᠶ ᠲᠤᠭ᠎ᠠ ᠪᠠᠷ ᠢᠶᠠᠨ ᠦᠷᠭᠦᠯᠵᠢᠯᠡᠨ 7 ᠳ᠋ᠤᠭᠠᠷ ᠪᠠᠶᠢᠷᠢ ᠳᠤ ᠣᠷᠣᠵᠤ᠂ ᠨᠡᠮᠡᠭᠳᠡᠯ ᠤᠨ ᠬᠤᠷᠳᠤᠴᠠ ᠨᠢ 4 | ᠳ᠋ᠦ᠋ᠭᠡᠷ ᠪᠠᠶᠢᠷᠢᠨ ᠳᠤ ᠣᠷᠣᠪᠠ᠃ |