ᠲᠦᠩᠯᠢᠶᠣᠤ ᠬᠤᠳᠠ 1.8 ᠳ᠋ᠦ᠋ᠩᠰᠢᠭᠤᠷ ᠲᠥᠭᠦᠷᠢᠭ ᠣᠷᠣᠭᠤᠯᠤᠨ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠪᠠᠭᠰᠢ ᠨᠠᠷ ᠤᠨ ᠠᠮᠢᠳᠤᠷᠠᠯ ᠤᠨ ᠨᠥᠬᠦᠴᠡᠯ ᠢ ︽ᠵᠢᠷᠭᠤᠭᠠᠨ ᠪᠠᠷᠢᠮᠵᠢᠶ᠎ᠠ︾᠎ ᠳᠤ ᠬᠦᠷᠦᠭᠦᠯᠬᠦ ᠪᠠᠷ ᠪᠤᠢ
ᠨᠡᠶᠢᠲᠡᠯᠡᠭᠰᠡᠨ ᠴᠠᠭ᠄
2016/9/13
     ᠮᠠᠯᠵᠢᠬᠤ ᠲᠠᠷᠢᠶᠠᠯᠠᠬᠤ ᠣᠷᠣᠨ ᠳᠤ ᠤᠷᠲᠤ ᠬᠤᠭᠤᠴᠠᠭ᠎ᠠ ᠪᠠᠷ ᠪᠠᠭᠰᠢᠯᠠᠭᠰᠠᠨ᠂ ᠰᠤᠷᠭᠠᠭᠤᠯᠢ ᠶᠢᠨ ᠪᠠᠶᠢᠷᠢ ᠳᠤ ᠰᠠᠭᠤᠬᠤ ᠳᠤ ᠬᠦᠴᠢᠷᠳᠡᠯ ᠲᠠᠢ ᠪᠠᠭᠰᠢ ᠨᠠᠷ ᠤᠨ ᠬᠤᠨᠤᠭ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠦᠩᠯᠢᠶᠣᠤ ᠬᠤᠳᠠ 1.8 ᠳ᠋ᠦ᠋ᠩᠰᠢᠭᠤᠷ ᠲᠥᠭᠦᠷᠢᠭ ᠣᠷᠣᠭᠤᠯᠤᠨ᠂ ᠲᠦᠩᠯᠢᠶᠣᠤ ᠬᠤᠲᠠ ᠶᠢᠨ ᠲᠥᠪ ᠰᠤᠷᠭᠠᠭᠤᠯᠢ ᠠᠴᠠ ᠳᠣᠷᠣᠭᠰᠢᠬᠢ ᠰᠤᠷᠭᠠᠭᠤᠯᠢ ᠪᠣᠯᠤᠨ ᠵᠢᠭᠠᠨ ᠰᠤᠷᠭᠠᠬᠤ ᠴᠢᠭ᠋ ᠤᠨ ᠪᠠᠭᠰᠢ ᠨᠠᠷ ᠤᠨ ᠪᠠᠶᠢᠷᠢ ᠶᠢᠨ ᠭᠡᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠬᠡᠷᠡᠭᠯᠡᠬᠦ ᠪᠠᠷ ᠪᠠᠶᠢᠨ᠎ᠠ᠂ ᠡᠭᠦᠨ ᠳᠤ 512 ᠰᠤᠷᠭᠠᠭᠤᠯᠢ ᠬᠤᠯᠪᠣᠭᠳᠠᠨ᠂ ᠨᠡᠶᠢᠲᠡ ᠲᠠᠯᠠᠪᠠᠢ ᠨᠢ 5.13 ᠲᠦᠮᠡᠨ ᠲᠡᠭᠰᠢ ᠳᠥᠷᠪᠡᠯᠵᠢᠨ ᠮᠧᠲᠷ ᠪᠦᠬᠦᠢ ᠰᠤᠷᠭᠠᠭᠤᠯᠢ ᠶᠢᠨ ᠪᠠᠶᠢᠷᠢ ᠶᠢ ᠪᠦᠲᠦᠭᠡᠨ ᠪᠠᠶᠢᠭᠤᠯᠬᠤ ᠪᠠᠷ ᠲᠥᠯᠥᠪᠵᠢᠭᠦᠯᠵᠦ ᠪᠤᠢ᠃ ᠲᠦᠷᠦᠯ ᠵᠦᠢᠯ ᠢ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠪᠠᠷᠢᠯᠭ᠎ᠠ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠤᠨ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠪᠠᠭᠰᠢ ᠨᠠᠷ ᠤᠨ ᠠᠵᠢᠯ ᠠᠮᠢᠳᠤᠷᠠᠯ ᠤᠨ ᠦᠨᠳᠦᠰᠦᠨ ᠨᠥᠬᠦᠴᠡᠯ ᠢ ︽ᠵᠢᠷᠭᠤᠭᠠᠨ ᠪᠠᠷᠢᠮᠵᠢᠶ᠎ᠠ︾᠎ ᠳᠤ ᠬᠦᠷᠦᠭᠦᠯᠦᠨ᠎ᠡ᠂ ᠲᠤᠬᠠᠶᠢᠯᠠᠪᠠᠯ᠄ ᠬᠤᠶᠠᠷ ᠬᠥᠮᠦᠨ ᠤ ᠪᠠᠶᠢᠷᠢ᠂ ᠨᠡᠶᠢᠲᠡ ᠶᠢᠨ ᠲᠧᠯᠸᠢᠰ᠂ ᠬᠠᠮᠲᠤ ᠶᠢᠨ ᠬᠡᠷᠡᠭᠯᠡᠭᠡᠨ ᠤ ᠺᠣᠮᠫᠢᠦ᠋ᠲ᠋ᠧᠷ᠂ ᠤᠯᠠᠨ ᠨᠡᠶᠢᠲᠡ ᠶᠢᠨ ᠤᠬᠢᠶᠠᠯᠭ᠎ᠠ ᠶᠢᠨ ᠭᠠᠵᠠᠷ᠂WIFI᠂ ︽ᠠᠳᠠᠯᠢ ᠳᠠᠪᠲᠠᠮᠵᠢᠲᠤ ᠦᠢᠯᠡᠳᠦᠯᠴᠡᠭᠦᠯᠬᠦ ᠬᠢᠴᠢᠶᠡᠯ ᠤᠨ ᠲᠠᠩᠬᠢᠮ︾᠎ ᠲᠠᠢ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号