2016 ᠣᠨ ᠳᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠦᠷᠪᠡᠨ ᠵᠦᠢᠯ ᠤᠨ ᠭᠤᠣᠯᠳᠠᠯᠭ᠎ᠠ ᠲᠠᠢ ᠠᠵᠢᠯ ᠢ ᠬᠦᠴᠦᠲᠡᠶ ᠲᠦᠯᠬᠢᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2016/9/18
     ︽13 · 5︾᠎ ᠶᠢᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ 2016 ᠣᠨ ᠳᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ︽ᠬᠤᠶᠠᠷ ᠪᠦᠲᠦᠭᠡᠨ ᠪᠠᠶᠢᠭᠤᠯᠤᠯᠲᠠ᠂ ᠨᠢᠭᠡ ᠥᠭᠡᠷᠡᠴᠢᠯᠡᠯᠲᠡ ᠪᠣᠯᠣᠨ ᠨᠢᠭᠡᠨ ᠵᠣᠯᠭᠠᠯᠲᠠ︾᠎ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠂ ᠲᠣᠬᠠᠶᠢᠯᠠᠪᠠᠯ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠴᠢᠳ ᠤᠨ ᠶᠡᠷᠦᠩᠬᠡᠶᠢᠯᠡᠨ ᠦᠨᠡᠮᠰᠢᠨ ᠲᠣᠭᠲᠠᠭᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠠᠪᠤᠷᠠᠨ ᠲᠤᠰᠠᠯᠠᠬᠤ ᠮᠡᠳᠡᠭᠡ  ᠵᠠᠩᠭᠢᠵᠢᠯᠲᠠ ᠶᠢᠨ ᠪᠥᠳᠥᠭᠡᠨ ᠪᠠᠶᠢᠭᠤᠯᠤᠯᠲᠠ᠂ ᠡᠮ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠥᠭᠡᠷᠡᠴᠢᠯᠡᠯᠲᠡ  ᠵᠢᠴᠢ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠲᠠᠢ ᠵᠣᠯᠭᠠᠯᠳᠤᠭᠤᠯᠬᠤ ᠶᠠᠪᠤᠳᠠᠯ ᠪᠣᠯᠣᠨ᠎ᠠ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠤᠭᠤᠲᠤ ᠬᠤᠳᠠ ᠨᠢ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠬᠦᠷᠲᠡᠵᠦ ᠪᠠᠶᠢᠭ᠎ᠠ 18973 ᠬᠥᠮᠦᠨ ᠢ ᠲᠡᠩᠬᠡᠷᠡᠭᠦᠯᠦᠨ ᠲᠤᠰᠠᠯᠠᠵᠤ᠂ ᠲᠡᠩᠬᠡᠷᠡᠭᠦᠯᠦᠨ ᠲᠤᠰᠠᠯᠠᠬᠤ ᠮᠥᠩᠭᠦ 8666 ᠲᠦᠮᠡᠨ ᠲᠥᠭᠦᠷᠢᠭ ᠵᠠᠷᠤᠴᠠᠭᠤᠯᠪᠠ︔ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠬᠦᠷᠲᠡᠵᠦ ᠪᠠᠶᠢᠭ᠎ᠠ 23620 ᠬᠥᠮᠦᠨ ᠢ ᠠᠪᠤᠷᠠᠨ ᠲᠤᠰᠠᠯᠠᠵᠤ᠂ ᠲᠡᠩᠬᠡᠷᠡᠭᠦᠯᠦᠨ ᠲᠤᠰᠠᠯᠠᠬᠤ ᠮᠥᠩᠭᠦ 4086 ᠲᠦᠮᠡᠨ ᠲᠦᠭᠦᠷᠢᠭ  ᠵᠠᠷᠤᠴᠠᠭᠤᠯᠪᠠ᠃ ᠪᠤᠭᠤᠲᠤ ᠬᠤᠳᠠ ᠨᠢ 2016 ᠣᠨ ᠳᠤ ᠰᠢᠨ᠎ᠡ ᠪᠠᠷ  ᠦᠨᠡᠮᠰᠢᠨ ᠲᠣᠭᠲᠠᠭᠠᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠬᠦᠷᠲᠡᠭᠴᠢ ᠪᠦᠬᠦᠨ ᠳᠤ ᠺᠠᠷᠲ  ᠣᠯᠭᠤᠭᠰᠠᠨ ᠪᠦᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠮᠤᠭ ᠤᠨ ᠲᠡᠷᠢᠭᠦᠨ ᠳᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠠᠤᠯᠢ ᠬᠡᠷᠡᠭᠵᠢᠭᠦᠯᠬᠦ ᠲᠠᠪᠴᠠᠩ ᠤᠨ ᠬᠠᠮᠢᠶᠠᠷᠤᠯᠲᠠ ᠶᠢᠨ ᠰᠢᠰᠲ᠋ᠧᠮ ᠢ ᠨᠡᠭᠡᠭᠡᠨ ᠭᠦᠭᠵᠢᠭᠦᠯᠪᠡ᠃ ᠦᠨᠦ ᠪᠣᠯᠬᠤ ᠳᠤ ᠪᠤᠭᠤᠲᠤ ᠬᠤᠲᠠ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳ᠋ᠠᠶᠢᠲ᠋ᠠ ᠬᠥᠮᠥᠷᠭᠡ ᠳᠤ ᠲᠡᠩᠬᠡᠷᠡᠭᠦᠯᠦᠨ ᠲᠤᠰᠠᠯᠠᠬᠤ ᠴᠢᠬᠤᠯᠠᠲᠠᠢ ᠬᠤᠲᠠ ᠬᠥᠳᠡᠭᠡ ᠶᠢᠨ ᠪᠠᠷᠤᠭ 12  ᠭᠠᠷᠤᠢ ᠲᠦᠮᠡ ᠡᠷᠦᠬᠡ᠂ 20 ᠭᠠᠷᠤᠶ ᠲᠦᠮᠡᠨ ᠬᠥᠮᠦᠨ ᠢ  ᠪᠠᠶᠢᠵᠤ᠂ ᠭᠡᠷ ᠪᠦᠯᠢ ᠪᠣᠯᠣᠨ ᠬᠤᠪᠢ ᠬᠥᠮᠦᠨ ᠤ ᠮᠡᠳᠡᠭᠡ ᠵᠠᠩᠭᠢ ᠪᠠ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠨᠡᠶᠢᠲᠡ 126.8 ᠲᠦᠮᠡᠨ ᠵᠣᠷᠪᠤᠰ ᠳᠡᠭᠡᠭᠰᠢ ᠤᠯᠠᠮᠵᠢᠯᠠᠵᠤ᠂ ᠵᠢᠯ ᠳᠤ ᠪᠠᠷᠤᠭ 27.8 ᠲᠦᠮᠡᠨ ᠡᠷᠦᠬᠡ ᠤᠳᠠᠭ᠎ᠠ᠂ 50.5 ᠲᠦᠮᠡᠨ ᠬᠥᠮᠦᠨ ᠤᠳᠠᠭ᠎ᠠ ᠬᠦᠳᠡᠯᠦᠩᠭᠦᠢ ᠲᠣᠬᠢᠷᠠᠭᠤᠯᠤᠯᠲᠠ ᠬᠢᠪᠡ᠃ 2016 ᠣᠨ ᠳᠤ ᠭᠡᠷ ᠪᠦᠯᠢ ᠶᠢᠨ ᠣᠷᠣᠯᠭ᠎ᠠ ᠶᠢᠨ ᠲᠣᠭᠠᠴᠠᠭ᠎ᠠ ᠬᠢᠬᠦ ᠪᠠ  ᠦᠨᠡᠮᠰᠢᠨ ᠲᠣᠭᠲᠠᠭᠠᠬᠤ ᠵᠡᠷᠭᠡ ᠴᠢᠳᠠᠪᠬᠢ ᠶᠢ ᠦᠷᠭᠦᠯᠵᠢᠯᠡᠨ ᠲᠡᠭᠦᠯᠳᠡᠷᠵᠢᠭᠦᠯᠵᠦ ᠨᠡᠭᠡᠭᠡᠨ ᠬᠦᠭᠵᠢᠭᠦᠯᠬᠦ ᠪᠠᠷ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号