9 ᠳ᠋ᠦ᠋ᠭᠡᠷ ᠰᠠᠷ᠎ᠠ ᠶᠢᠨ 18 ᠤ ᠦᠳᠡ ᠶᠢᠨ ᠡᠮᠦᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠲᠡᠭᠡᠨ | ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ︽ᠥᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠤᠷᠢᠯᠡᠯ ᠤᠨ ᠲᠦᠷᠢᠮ ︵ᠵᠠᠰᠠᠪᠤᠷᠢ | ᠤᠷᠤᠭᠤᠯᠬᠤ ᠲᠦᠰᠦᠯ︶︾᠂ ︽ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠤᠳᠠᠰ ᠤᠨ ᠪᠤᠰᠤ | ᠰᠤᠶᠤᠯ ᠤᠨ ᠦᠪ ᠢ ᠬᠠᠮᠠᠭᠠᠯᠠᠬᠤ ᠲᠦᠷᠢᠮ ︵ᠲᠦᠰᠦᠯ︶︾ ᠪᠠ ︽ᠥᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠶᠢ ᠰᠢᠮᠳᠠᠭᠤᠯᠤᠨ ᠪᠠᠶᠢᠴᠠᠭᠠᠬᠤ ᠲᠤᠭᠤᠷᠢᠨ | ᠪᠠᠶᠢᠴᠠᠭᠠᠯᠳᠠ ᠶᠢ ᠭᠡᠷᠡᠭᠵᠢᠬᠦᠯᠬᠦ ᠠᠷᠭ᠎ᠠ︾ ᠵᠡᠷᠭᠡ ᠵᠦᠢᠯ ᠢ ᠰᠤᠳᠤᠯᠪᠠ᠃ | ᠬᠤᠷᠠᠯ ᠠᠴᠠ᠂ ᠤᠢᠢᠷ᠎ᠠ ᠶᠢᠨ ᠵᠢᠯ ᠳᠤ ᠮᠠᠨ ᠤ ᠤᠷᠤᠨ ᠤ ᠠᠶᠤᠯ ᠦᠭᠡᠢ ᠦᠢᠯᠡᠳᠪᠤᠷᠢᠯᠡᠯ ᠤᠨ ᠪᠠᠶᠢᠳᠠᠯ | ᠶᠡᠷᠦᠩᠭᠡᠢ ᠳᠡᠭᠡᠨ ᠲᠤᠭᠳᠠᠭᠤᠨ ᠪᠠᠶᠢᠵᠦ᠂ ᠲᠡᠰ ᠠᠴᠠ ᠳᠡᠭᠡᠭᠰᠢᠬᠢ ᠬᠦᠨᠳᠦ ᠨᠤᠴᠢᠳᠠᠢ ᠠᠳᠡᠯ ᠭᠠᠷᠤᠭᠰᠠᠨ ᠦᠭᠡᠢ | ᠪᠤᠯᠪᠠᠴᠦ᠂ ᠠᠳᠡᠯ ᠤᠨ ᠭᠡᠮ ᠰᠤᠭᠤᠭ ᠮᠦᠨᠬᠦ ᠤᠷᠤᠰᠢᠵᠦ᠂ ᠤᠷᠳᠤ ᠬᠤᠭᠤᠴᠠᠭᠠᠨ ᠤ ᠲᠤᠷᠰᠢ ᠬᠤᠷᠠᠮᠳᠤᠭᠰᠠᠨ | ᠵᠠᠷᠢᠮ ᠠᠰᠠᠭᠤᠳᠠᠯ ᠢ ᠮᠦᠨᠬᠦ ᠪᠦᠳᠦᠮᠵᠢᠳᠠᠢ ᠰᠢᠢᠳᠪᠤᠷᠢᠯᠡᠭᠡᠳᠦᠢ ᠪᠠᠶᠢᠵᠦ᠂ ᠡᠷᠭᠡᠪᠰᠢ ᠰᠡᠷᠡᠮᠵᠢ ᠶᠢᠨ ᠬᠤᠩᠬᠤ ᠶᠢ | ᠲᠤᠤᠭᠠᠷᠭᠠᠵᠦ᠂ ᠰᠤᠯᠠᠷᠠᠭᠤᠯᠤᠯ ᠦᠭᠡᠢ ᠪᠠᠶᠢᠩᠭᠤ ᠴᠢᠩᠭ᠎ᠠ ᠠᠳᠬᠤᠬᠤ ᠭᠡᠷᠡᠭᠲᠡᠢ᠃ ᠡᠯ᠎ᠠ ᠭᠠᠵᠠᠷ ᠤᠷᠤᠨ᠂ ᠡᠯ᠎ᠠ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠠᠷᠠᠳ ᠤᠨ ᠠᠰᠢᠭ ᠲᠤᠰᠠ ᠶᠢ ᠲᠡᠷᠢᠬᠦᠨ ᠳᠤ ᠲᠠᠯᠪᠢᠬᠤ ᠶᠢ | ᠪᠠᠷᠢᠮᠳᠠᠯᠠᠵᠦ᠂ ᠠᠮᠤᠷ ᠲᠦᠪᠰᠢᠨ ᠬᠦᠭᠵᠢᠯᠳᠠ ᠶᠢᠨ ᠣᠨᠣᠯᠵᠢᠬᠤᠨ ᠢ ᠪᠠᠳᠤ ᠪᠤᠢ ᠪᠤᠯᠭᠠᠵᠦ᠂ ᠤᠯᠠᠭᠠᠨ ᠱᠤᠭᠤᠮ | ᠤᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠮᠵᠢ ᠶᠢ ᠡᠷᠴᠢᠮᠵᠢᠬᠦᠯᠵᠦ᠂ ᠠᠶᠤᠯ ᠦᠭᠡᠢ ᠦᠢᠯᠡᠳᠪᠤᠷᠢᠯᠡᠯ ᠢ | ᠢᠮᠠᠭᠳᠠ ᠲᠤᠪᠤᠶᠢᠮ᠎ᠠ ᠪᠠᠶᠢᠷᠢᠨ ᠳᠤ ᠲᠠᠯᠪᠢᠬᠤ ᠭᠡᠷᠡᠭᠲᠡᠢ᠃ ᠠᠶᠤᠯ ᠦᠭᠡᠢ ᠦᠢᠯᠡᠳᠪᠤᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠡᠷᠡᠰ ᠨᠠᠶᠢᠳᠠᠪᠦᠷᠢᠵᠢᠭᠤᠯᠵᠤ᠂ ᠬᠢᠨᠡᠯᠳᠠ ᠬᠠᠮᠢᠶᠠᠷᠤᠯᠳᠡ ᠬᠠᠤᠯᠢ ᠭᠡᠷᠡᠭᠵᠢᠭᠦᠯᠭᠦ | ᠡᠷᠴᠢᠮ ᠢᠶᠠᠨ ᠴᠢᠩᠭᠠᠷᠠᠭᠤᠯᠵᠤ᠂ ᠠᠶᠤᠯ ᠦᠭᠡᠢ ᠦᠢᠯᠡᠳᠪᠤᠷᠢᠯᠡᠯ ᠤᠨ ᠰᠠᠭᠤᠷᠢ ᠴᠢᠳᠠᠪᠦᠷᠢ ᠶᠢᠨ ᠪᠠᠶᠢᠭᠤᠯᠤᠯᠳᠡ ᠶᠢ | ᠴᠢᠩᠭᠠᠳᠬᠠᠵᠤ᠂ ᠤᠷᠢᠳᠴᠢᠯᠡᠨ ᠰᠡᠷᠡᠮᠵᠢᠯᠡᠭᠦᠯᠬᠦ ᠪᠠᠴᠢᠮ ᠪᠠᠶᠢᠳᠠᠯ ᠢ ᠠᠷᠭᠠᠴᠠᠬᠤ ᠪᠡ ᠤᠷᠳᠤ ᠬᠤᠭᠤᠴᠠᠭᠠᠨ ᠤ | ᠪᠦᠳᠦᠮᠵᠢᠲᠦ ᠲᠤᠭᠳᠠᠴᠡ ᠶᠢ ᠲᠡᠭᠦᠯᠳᠡᠷᠵᠢᠭᠦᠯᠭᠦ ᠭᠡᠷᠡᠭᠲᠠᠢ᠃ ᠲᠦᠭᠰᠢᠭᠦᠷᠢ ᠭᠡᠮ ᠰᠤᠭᠤᠭ ᠢ ᠨᠠᠷᠢᠨ ᠬᠢᠨᠠᠮᠠᠭᠠᠢ | ᠠᠷᠢᠯᠭᠠᠨ ᠰᠢᠢᠳᠪᠦᠷᠢᠯᠡᠵᠤ᠂ ᠪᠠᠭᠤᠷᠠᠢ ᠭᠤᠭᠴᠤᠭ᠎ᠠ ᠶᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠭᠡᠵᠤ᠂ ᠠᠶᠤᠯ | ᠲᠠᠢ ᠬᠢᠮᠢ ᠶᠢᠨ ᠪᠤᠳᠠᠰ᠂ ᠠᠭᠤᠷᠬᠠᠢ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠭᠠᠯ ᠰᠡᠷᠭᠡᠶᠢᠯᠡᠭᠦ ᠪᠡ ᠬᠦᠮᠤᠨ | ᠬᠠᠷ᠎ᠡ ᠤᠯᠠᠨ ᠴᠤᠬᠯᠠᠷᠠᠬᠰᠡᠨ ᠭᠠᠵᠠᠷ ᠵᠡᠷᠭᠡ ᠭᠤᠤᠯᠳᠠᠯᠭ᠎ᠠ ᠲᠠᠢ ᠭᠦᠷᠢᠶᠡᠨ ᠳᠠᠬᠢ ᠴᠡᠭᠴᠡᠯᠡᠨ ᠵᠠᠰᠠᠯᠳᠠ ᠶᠢ | ᠲᠤᠪᠤᠶᠢᠮ᠎ᠡ ᠪᠠᠶᠢᠷᠢᠨ ᠳᠤ ᠲᠠᠯᠪᠢᠨ ᠰᠠᠶᠢᠳᠤᠷ ᠠᠳᠬᠤᠵᠤ᠂ ᠠᠶᠤᠯ ᠦᠭᠡᠢ ᠦᠢᠯᠡᠳᠪᠤᠷᠢᠯᠡᠯ ᠤᠨ ᠪᠠᠳᠤᠯᠠᠪᠦᠷᠢ ᠶᠢᠨ | ᠲᠦᠪᠰᠢᠨ ᠢ ᠲᠡᠭᠡᠭᠰᠢᠯᠡᠭᠦᠯᠵᠤ᠂ ᠬᠦᠨᠳᠦ ᠨᠤᠴᠢᠳᠠᠢ ᠠᠳᠡᠯ ᠡᠭᠦᠰᠭᠦ ᠶᠢ ᠡᠷᠡᠰ ᠬᠤᠷᠢᠬᠯᠠᠬᠤ ᠭᠡᠷᠡᠭᠲᠠᠢ ᠭᠡᠵᠦ | ᠵᠢᠭᠠᠵᠦ ᠭᠠᠷᠭᠠᠪᠠ᠃ | ᠬᠤᠷᠠᠯ ᠠᠴᠠ᠂ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠡ ᠶᠢ ᠬᠠᠤᠯᠢ ᠶᠤᠰᠤᠭᠠᠷ | ᠴᠢᠩᠭᠠᠳᠬᠠᠬᠤ ᠨᠢ᠂ ᠰᠢᠯᠢᠳᠡᠭ ᠤᠯᠠᠮᠵᠢᠯᠡᠯᠳᠤ ᠰᠤᠶᠤᠯ ᠢ ᠵᠠᠯᠭᠠᠮᠵᠢᠯᠠᠨ ᠪᠠᠳᠠᠷᠠᠭᠤᠯᠬᠤ ᠶᠢᠨ ᠴᠢᠬᠤᠯᠡ ᠠᠷᠭ᠎ᠠ ᠪᠠᠷᠢᠯ | ᠮᠦᠨ᠃ ᠮᠠᠨ ᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠲᠦᠢᠯ ᠤᠨ ᠡᠯᠪᠡᠭ ᠪᠠᠶᠠᠯᠢᠭ ᠪᠠᠶᠢᠵᠤ᠂ | ᠦᠨᠳᠤᠰᠤᠳᠡᠡ ᠤ ᠤᠨᠴᠠᠯᠢᠭ ᠪᠡ ᠭᠠᠵᠠᠷ ᠤᠷᠤᠨ ᠤ ᠤᠨᠴᠠᠯᠢᠭ ᠢᠶᠠᠷ ᠲᠦᠢᠯ ᠤᠨ ᠢᠯᠡ ᠳᠤᠳᠤ᠂ ᠬᠠᠮᠠᠭᠠᠯᠠᠬᠤ ᠪᠡ | ᠤᠯᠠᠮᠵᠢᠯᠠᠬᠤ ᠡᠭᠦᠷᠭᠡ ᠮᠠᠰᠢ ᠬᠦᠨᠳᠦ ᠪᠠᠶᠢᠨ᠎ᠠ᠃ ᠡᠯ᠎ᠡ ᠭᠠᠵᠠᠷ ᠤᠷᠤᠨ᠂ ᠡᠯ᠎ᠡ ᠬᠠᠮᠢᠶ᠎ᠡ ᠪᠦᠭᠦᠢ ᠰᠠᠯᠠᠭ᠎ᠠ | ᠮᠦᠴᠢᠷ ᠠᠴᠠ ᠲᠡᠤᠭᠡ ᠰᠤᠶᠤᠯ ᠤᠨ ᠦᠪ ᠢ ᠬᠠᠮᠠᠭᠠᠯᠠᠬᠤ ᠪᠠᠷ ᠭᠤᠤᠯ ᠪᠤᠯᠭᠠᠵᠤ᠂ ᠪᠠᠴᠢᠮ ᠠᠪᠤᠷᠠᠯᠳᠡ ᠶᠢ | ᠲᠡᠷᠢᠬᠦᠨ ᠳᠤ ᠲᠠᠯᠪᠢᠵᠤ᠂ ᠵᠦᠢ ᠵᠤᠬᠢᠰᠲᠠᠢ ᠠᠰᠢᠬᠯᠠᠨ᠂ ᠤᠯᠠᠮᠵᠢᠯᠠᠨ ᠬᠦᠭᠵᠢᠬᠦᠯᠬᠦ ᠴᠢᠭᠯᠡᠯᠳᠡ ᠶᠢ ᠪᠠᠷᠢᠮᠳᠠᠯᠠᠵᠦ᠂ | ᠦᠨᠳᠤᠰᠤᠳᠡᠨ ᠨᠦᠭᠦᠳ ᠤᠨ ᠡᠷᠬᠢᠮ ᠨᠡᠨᠳᠢᠨ ᠰᠤᠶᠤᠯ ᠤᠨ ᠦᠪ ᠢ ᠰᠠᠶᠢᠳᠤᠷ ᠢᠯᠡᠷᠡᠭᠦᠯᠵᠤ᠂ ᠰᠠᠶᠢᠳᠤᠷ | ᠬᠠᠮᠠᠭᠠᠯᠠᠵᠤ᠂ ᠰᠠᠶᠢᠳᠤᠷ ᠤᠯᠠᠮᠵᠢᠯᠡᠵᠤ᠂ ᠰᠠᠶᠢᠳᠤᠷ ᠠᠰᠢᠬᠯᠠᠵᠤ᠂ ᠰᠢᠯᠢᠳᠡᠭ ᠤᠯᠠᠮᠵᠢᠯᠡᠯᠳᠤ ᠰᠤᠶᠤᠯ ᠢ ᠶᠡᠭᠡᠪᠡᠷ | ᠪᠠᠳᠠᠷᠠᠭᠤᠯᠵᠤ᠂ ᠰᠤᠶᠤᠯ ᠤᠨ ᠭᠦᠭᠵᠢᠯ ᠴᠡᠴᠡᠭᠯᠡᠯ ᠪᠡ ᠨᠡᠶᠢᠭᠡᠮ ᠤᠨ ᠲᠠᠪᠰᠢᠯᠳᠡ ᠶᠢ ᠠᠬᠢᠭᠤᠯᠬᠤ ᠭᠡᠷᠡᠭᠲᠠᠢ ᠭᠡᠵᠦ | ᠦᠵᠡᠪᠡ᠃ | ᠬᠤᠷᠠᠯ ᠠᠴᠠ᠂ ᠮᠠᠨ ᠤ ᠤᠷᠤᠨ ᠤ ᠶᠠᠳᠠᠭᠤ ᠶᠢ ᠳᠡᠳᠬᠦᠵᠦ ᠨᠡᠬᠡᠬᠡᠨ ᠬᠦᠭᠵᠢᠬᠦᠯᠬᠦ ᠠᠵᠢᠯ ᠨᠢᠬᠡᠨᠳᠡ | ᠰᠢᠪᠳᠤᠯᠤᠯᠳᠠ ᠶᠢᠨ ᠱᠠᠳᠤᠨ ᠳᠤ ᠤᠷᠤᠵᠦ᠂ ᠶᠠᠳᠠᠭᠤ ᠠᠴᠠ ᠠᠩᠬᠢᠵᠢᠷᠠᠭᠤᠯᠬᠤ ᠡᠬᠦᠷᠬᠡ ᠳᠦᠢᠯ ᠤᠨ ᠪᠡᠷᠬᠡ | ᠬᠠᠳᠠᠭᠤᠵᠢᠯᠳᠡᠢ ᠪᠤᠯᠤᠭᠠᠳ ᠪᠤᠢ᠃ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ | ᠰᠢᠮᠳᠠᠭᠤᠯᠤᠨ ᠪᠠᠶᠢᠴᠠᠭᠠᠬᠤ ᠳᠤᠭᠤᠷᠢᠨ ᠪᠠᠶᠢᠴᠠᠭᠠᠯᠳᠠ ᠶᠢᠨ ᠳᠦᠷᠢᠮ ᠢ ᠳᠤᠬᠳᠠᠭᠠᠬᠤ ᠨᠢ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠡᠬᠦᠷᠬᠡ ᠶᠢ ᠪᠡᠶᠡᠯᠡᠬᠦᠯᠬᠦ ᠪᠦᠳᠦᠮᠵᠢᠳᠡᠢ ᠪᠠᠳᠤᠯᠠᠪᠤᠷᠢ ᠪᠤᠯᠬᠤ | ᠶᠤᠮ᠃ ᠡᠯ᠎ᠠ ᠭᠠᠵᠠᠷ ᠤᠷᠤᠨ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠡᠷᠬᠡᠪᠰᠢ ᠶᠡᠷᠦᠩᠬᠡᠢ ᠱᠦᠵᠢ | ᠰᠢ ᠶᠢᠨ ᠫᠢᠩ ᠤᠨ ᠵᠡᠬᠦᠨ ᠪᠠᠷᠠᠭᠤᠨ ᠤᠷᠤᠨ ᠤ ᠶᠠᠳᠠᠭᠤ ᠶᠢ ᠳᠡᠳᠬᠦᠬᠦ ᠬᠠᠮᠵᠢᠯᠴᠠᠭᠠᠨ ᠤ ᠶᠠᠷᠢᠯᠴᠠᠬᠤ ᠬᠤᠷᠠᠯ | ᠳᠡᠬᠡᠷᠡᠬᠢ ᠶᠠᠷᠢᠶᠠᠨ ᠤ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠤᠳᠤᠷᠢᠳᠬᠤ ᠠᠵᠢᠯ ᠦᠨᠡᠨ | ᠪᠤᠳᠠᠳᠠᠢ ᠪᠠᠶᠢᠬᠤ᠂ ᠡᠬᠦᠷᠬᠡ ᠬᠠᠷᠢᠭᠤᠴᠠᠯᠭ᠎ᠠ ᠦᠨᠡᠨ ᠪᠤᠳᠠᠳᠠᠢ ᠪᠠᠶᠢᠬᠤ᠂ ᠪᠡᠯᠡ ᠮᠦᠩᠬᠦ ᠶᠢᠨ ᠪᠠᠳᠤᠯᠠᠪᠤᠷᠢ ᠦᠨᠡᠨ | ᠪᠤᠳᠠᠳᠠᠢ ᠪᠠᠶᠢᠬᠤ᠂ ᠬᠢᠨᠠᠯᠳᠠ ᠳᠠᠯᠪᠢᠵᠦ ᠰᠢᠯᠭᠠᠨ ᠠᠪᠬᠤ ᠠᠵᠢᠯ ᠦᠨᠡᠨ ᠪᠤᠳᠠᠳᠠᠢ ᠪᠠᠶᠢᠬᠤ ᠱᠠᠭᠠᠷᠳᠠᠯᠭ᠎ᠠ ᠶᠤᠰᠤᠭᠠᠷ᠂ | ᠬᠠᠷᠠᠯᠳᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ ᠬᠢᠨᠠᠯᠳᠠ ᠳᠠᠯᠪᠢᠬᠤ ᠠᠵᠢᠯ ᠢ ᠰᠠᠶᠢᠳᠤᠷ ᠬᠢᠵᠦ᠂ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ ᠳᠤᠭᠤᠷᠢᠨ ᠪᠠᠶᠢᠴᠠᠭᠠᠬᠤ ᠠᠵᠢᠯ ᠢ ᠰᠠᠶᠢᠳᠤᠷ ᠬᠢᠵᠦ᠂ | ᠡᠯ᠎ᠠ ᠶᠠᠳᠠᠭᠤ ᠬᠦᠴᠢᠷᠳᠡᠯᠳᠡᠢ ᠭᠠᠵᠠᠷ ᠤᠷᠤᠨ ᠤ ︽ᠦᠨᠡᠨᠬᠦ ᠶᠠᠳᠠᠭᠤ ᠶᠢ ᠳᠡᠳᠬᠦᠬᠦ᠂ ᠶᠠᠳᠠᠭᠤ ᠶᠢ ᠲᠡᠳᠬᠦᠬᠦ ᠨᠢ | ᠦᠨᠡᠨ᠂ ᠦᠨᠡᠨᠬᠦ ᠶᠠᠳᠠᠭᠤ ᠠᠴᠠ ᠠᠩᠬᠢᠵᠢᠷᠠᠭᠤᠯᠬᠤ︾ ᠠᠵᠢᠯ ᠢ ᠱᠠᠯᠠᠪᠳᠠᠭᠤᠯᠵᠦ᠂ ᠪᠦᠬᠦ ᠵᠢᠯ ᠤᠨ ᠶᠠᠳᠠᠭᠤ ᠠᠴᠠ | ᠠᠩᠬᠢᠵᠢᠷᠠᠭᠤᠯᠬᠤ ᠬᠠᠷᠠᠯᠳᠠ ᠶᠢ ᠪᠡᠶᠡᠯᠡᠬᠦᠯᠬᠦ ᠶᠢ ᠦᠨᠡᠨᠬᠦ ᠪᠠᠳᠤᠯᠠᠬᠤ ᠬᠡᠷᠡᠭᠳᠡᠢ᠃ ᠡᠬᠦᠨ ᠤ ᠬᠠᠮᠳᠤ᠂ ᠳᠠᠷᠠᠭ᠎ᠠ ᠵᠢᠯ | ᠴᠢᠨᠠᠬᠰᠢᠯᠠᠪᠠᠯ ᠬᠤᠶᠢᠰᠢᠳᠡ ᠶᠢᠨ ᠬᠡᠳᠦᠨ ᠵᠢᠯ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ | ᠢ ᠡᠷᠳᠡ ᠠᠴᠠ ᠤᠬᠠᠭᠠᠯᠠᠵᠦ ᠠᠬᠢᠭᠤᠯᠬᠤ ᠬᠡᠷᠡᠭᠳᠡᠢ ᠬᠡᠵᠦ ᠵᠢᠭᠠᠵᠦ ᠭᠠᠷᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |