ᠪᠦᠬᠦ ᠤᠯᠤᠰ ᠤᠨ ᠶᠠᠪᠤᠭᠤᠯ ᠬᠥᠮᠦᠨ ᠠᠮᠠ ᠶᠢᠨ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠲᠤᠷᠰᠢᠯᠭ᠎ᠠ ᠰᠣᠯᠢᠯᠴᠠᠬᠤ ᠬᠤᠷᠠᠯ ᠪᠤᠭᠤᠲᠤ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/9/2
     ᠣᠶᠢᠷ᠎ᠠ ᠳᠤ᠂ ᠪᠦᠬᠦ ᠤᠯᠤᠰ ᠤᠨ ᠶᠠᠪᠤᠭᠤᠯ ᠬᠥᠮᠦᠨ ᠠᠮᠠ ᠶᠢᠨ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠲᠤᠷᠰᠢᠯᠭ᠎ᠠ ᠰᠣᠯᠢᠯᠴᠠᠬᠤ ᠬᠤᠷᠠᠯ ᠵᠢᠴᠢ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠤᠨ ᠰᠤᠳᠤᠯᠤᠨ ᠶᠠᠷᠢᠯᠴᠠᠬᠤ ᠬᠤᠷᠠᠯ ᠪᠤᠭᠤᠲᠤ ᠬᠤᠲᠠ ᠎ ᠳᠤ ᠬᠤᠷᠠᠯᠳᠤᠪᠠ᠃      ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ ᠤᠨ ᠶᠠᠪᠤᠭᠤᠯ ᠬᠥᠮᠦᠨ ᠠᠮᠠ ᠶᠢᠨ ᠵᠤᠷᠭᠠᠨ ᠤ ᠳᠡᠳ᠋ ᠳᠠᠷᠤᠭ᠎ᠠ ᠶᠠᠨ ᠬᠤᠩ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠨ ᠪᠠᠶᠢᠴᠠᠭᠠᠭᠴᠢ ᠪᠣᠯᠣᠳᠪᠠᠭᠠᠨ᠎ᠠ ᠬᠤᠷᠠᠯ ᠳᠤ ᠣᠷᠣᠯᠴᠠᠪᠠ᠃ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠾᠧ ᠸᠧᠢ ᠬᠤᠸᠠ ᠶᠠᠷᠢᠶ᠎ᠠ ᠲᠠᠯᠪᠢᠵᠠᠶ᠃      ᠬᠤᠷᠠᠯ ᠳᠡᠭᠡᠷ᠎ᠡ᠂ ᠡᠯ᠎ᠡ ᠭᠠᠵᠠᠷ ᠤᠨ ᠬᠢᠨ ᠶᠠᠪᠤᠭᠤᠯ ᠬᠥᠮᠦᠨ ᠠᠮᠠ ᠶᠢᠨ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠤᠨ ᠲᠤᠬᠠᠢ ᠰᠣᠯᠢᠯᠴᠠᠬᠤ ᠶᠠᠷᠢᠶ᠎ᠠ ᠲᠠᠯᠪᠢᠭᠰᠠᠨ ᠪᠥᠭᠡᠳ ᠶᠠᠪᠤᠭᠤᠯ ᠬᠥᠮᠦᠨ ᠠᠮᠠ ᠶᠢᠨ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠦᠨᠡᠯᠡᠨ ᠵᠢᠱᠢᠬᠦ ᠲᠥᠰᠦᠯ᠂ ᠭᠦᠢᠴᠡᠳᠬᠡᠯ ᠲᠣᠭᠠᠨ ᠤ ᠰᠢᠰᠲ᠋ᠧᠮ ᠪᠠ 2016 ᠣᠨ ᠤ ᠶᠠᠪᠤᠭᠤᠯ ᠬᠥᠮᠦᠨ ᠠᠮᠠ ᠶᠢᠨ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠠᠵᠢᠯ ᠢ ᠦᠨᠡᠯᠡᠨ ᠵᠢᠱᠢᠬᠦ ᠲᠥᠰᠦᠯ ᠢ ᠶᠠᠷᠢᠯᠴᠠᠪᠠ᠃      ᠶᠠᠨ ᠬᠤᠩ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠤ ᠶᠢᠨ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠶᠠᠪᠤᠭᠤᠯ ᠬᠥᠮᠦᠨ ᠠᠮᠠ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠠᠵᠢᠯ ᠢ ᠭᠦᠨᠵᠡᠭᠡᠶᠢᠷᠡᠭᠦᠯᠵᠦ᠂ ᠨᠡᠶᠢᠭᠡᠮ ᠢ ᠵᠠᠰᠠᠬᠤ ᠪᠠᠶᠢᠭᠤᠯᠤᠯ ᠤᠨ ᠰᠢᠨ᠎ᠡ ᠶᠢ ᠡᠭᠦᠳᠬᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠲᠥᠯᠥᠪᠯᠡᠭᠡᠲᠦ ᠦᠷᠡᠵᠢᠯ ᠤᠨ ᠤᠯᠤᠰ ᠤᠨ ᠦᠨᠳᠦᠰᠦᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠥᠮᠦᠨ ᠢᠶᠠᠷ ᠦᠨᠳᠦᠰᠦ ᠪᠣᠯᠭᠠᠬᠤ᠂ ᠦᠨᠳᠦᠰᠦ ᠶᠢ ᠪᠠᠲᠤᠯᠠᠬᠤ᠂ ᠠᠯᠬᠤᠮ ᠠᠯᠬᠤᠮ ᠢᠶᠠᠷ ᠠᠳᠠᠯᠢ ᠲᠡᠭᠰᠢ ᠪᠣᠯᠭᠠᠬᠤ᠂ ᠡᠮᠬᠢ ᠵᠢᠷᠤᠮ ᠲᠠᠢ ᠪᠠᠷ ᠳᠥᠯᠭᠢᠨ ᠠᠬᠢᠭᠤᠯᠬᠤ ᠵᠠᠷᠴᠢᠮ ᠢ ᠪᠠᠷᠢᠮᠲᠠᠯᠠᠵᠤ᠂ ᠶᠠᠪᠤᠭᠤᠯ ᠬᠥᠮᠦᠨ ᠠᠮᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠭᠦᠯᠳᠡᠷᠵᠢᠭᠦᠯᠬᠦ ᠪᠠ ᠰᠢᠨ᠎ᠡ ᠶᠢ ᠡᠭᠦᠳᠴᠦ᠂ ᠶᠠᠪᠤᠭᠤᠯ ᠬᠥᠮᠦᠨ ᠠᠮᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠶᠡᠬᠡᠪᠡᠷ ᠲᠦᠯᠬᠢᠨ ᠠᠬᠢᠭᠤᠯᠬᠤ ᠬᠡᠷᠡᠭᠲᠡᠢ ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠳᠠᠯᠢ ᠲᠡᠭᠰᠢ ᠪᠣᠯᠭᠠᠬᠤ ᠭᠤᠣᠯᠳᠠᠯᠭ᠎ᠠ ᠲᠠᠢ ᠬᠠᠷᠢᠯᠴᠠᠬᠤ ᠬᠤᠳᠠ ᠶᠢᠨ ᠳᠠᠭᠤᠷᠢᠶᠠᠯ ᠦᠵᠡᠭᠦᠯᠵᠦ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠦᠢᠯᠡᠴᠢᠯᠡᠭᠡᠨ ᠤ ᠵᠠᠭᠪᠤᠷ ᠪᠠ ᠠᠵᠢᠯ ᠤᠨ ᠲᠣᠭᠲᠠᠴᠠ ᠶᠢ ᠲᠡᠰᠦᠷᠡᠯᠳᠠ ᠤᠢᠭᠡᠢ ᠰᠢᠨ᠎ᠡ ᠶᠢ ᠡᠭᠦᠳᠴᠦ᠂ ᠦᠢᠯᠡᠴᠢᠯᠡᠭᠡᠨ ᠤ ᠪᠦᠷᠬᠦᠭᠦᠯᠬᠦ ᠬᠡᠪᠴᠢᠶ᠎ᠡ᠂ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ᠂ ᠶᠠᠪᠤᠭᠤᠯ ᠬᠥᠮᠦᠨ ᠠᠮᠠ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠤᠬᠠᠶ ᠤᠬᠠᠭᠤᠯᠭ᠎ᠠ ᠪᠠ ᠲᠠᠶᠢᠯᠤᠮᠵᠢ ᠶᠢ ᠴᠢᠩᠭᠠᠳᠬᠠᠵᠤ᠂ ᠶᠠᠪᠤᠭᠤᠯ ᠬᠥᠮᠦᠨ ᠠᠮᠠ ᠶᠢᠨ ᠤᠯᠠᠨ ᠨᠡᠶᠢᠲᠡ ᠦᠨᠳᠦᠰᠦᠨ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号