ᠪᠦᠬᠦ ᠤᠯᠤᠰ ᠤᠨ ᠡᠯᠡᠰᠤᠷᠭᠡᠭᠵᠢᠨ ᠲᠠᠴᠢᠷᠰᠢᠬᠰᠠᠨ ᠭᠠᠵᠠᠷ ᠤᠷᠤᠨ ᠤ ᠶᠠᠳᠠᠭᠤ ᠶᠢ ᠲᠡᠳᠬᠦᠵᠤ ᠨᠡᠬᠡᠬᠡᠨ ᠬᠦᠭᠵᠢᠬᠦᠯᠬᠦ ᠠᠵᠢᠯ ᠤᠨ ᠶᠠᠷᠢᠯᠴᠠᠬᠤ ᠬᠤᠷᠠᠯ ᠤᠷᠳᠤᠰ ᠲᠤ ᠶᠠᠪᠤᠬᠳᠠᠪᠠ
ᠨᠡᠶᠢᠲᠡᠯᠡᠭᠰᠡᠨ ᠴᠠᠭ᠄
2016/9/2
     8 ᠳ᠋ᠤᠭᠠᠷ ᠰᠠᠷ᠎ᠠ ᠶᠢᠨ 31᠎ ᠤ ᠡᠳᠤᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ᠂ ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠪᠤᠯᠤᠨ ᠤᠷᠳᠤᠰ ᠬᠤᠳᠠ ᠶᠢᠨ ᠵᠠᠰᠠᠬ ᠤᠨ ᠤᠷᠳᠤᠨ ᠬᠠᠮᠳᠤᠷᠠᠨ ᠡᠷᠬᠢᠯᠡᠭᠰᠡᠨ ᠪᠦᠬᠦ ᠤᠯᠤᠰ ᠤᠨ ᠡᠯᠡᠰᠦᠷᠭᠡᠭᠵᠢᠨ ᠲᠠᠴᠢᠷᠰᠢᠬᠰᠠᠨ ᠭᠠᠵᠠᠷ ᠤᠷᠤᠨ ᠤ ᠶᠠᠳᠠᠭᠤ ᠶᠢ ᠲᠡᠳᠬᠦᠵᠥ ᠨᠡᠬᠡᠬᠡᠨ ᠬᠦᠭᠵᠢᠬᠦᠯᠬᠦ ᠠᠵᠢᠯ ᠤᠨ ᠶᠠᠷᠢᠯᠴᠠᠬᠤ ᠬᠤᠷᠠᠯ ᠤᠷᠳᠤᠰ ᠬᠤᠳᠠ ᠳᠤ ᠶᠠᠪᠤᠬᠳᠠᠪᠠ᠃      ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠬᠦ ᠠᠵᠢᠯ ᠤᠨ ᠠᠯᠪᠠᠨ ᠬᠡᠷ ᠤᠨ ᠡᠷᠬᠢᠯᠡᠭᠴᠢ ᠯᠢᠤ ᠶᠦᠩ ᠹᠦ᠋᠂ ᠨᠢᠩᠰᠢᠶᠠ ᠶᠢᠨ ᠬᠤᠳᠤᠩ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠷᠦᠢ᠂ ᠭᠠᠨᠰᠥ ᠮᠤᠵᠢ ᠶᠢᠨ ᠲᠡᠳ᠋ ᠲᠠᠷᠤᠭ᠎ᠠ ᠶᠠᠩ ᠽᠢ ᠰᠢᠩ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠢᠤᠢ ᠮᠢᠩ ᠬᠤᠷᠠᠯ ᠳᠤ ᠤᠷᠤᠯᠴᠠᠪᠠ᠃      ᠯᠢᠤ ᠶᠦᠩ ᠹᠦ᠋᠂ ᠠᠮᠢ ᠠᠬᠤᠢ ᠪᠠᠷ ᠶᠠᠳᠠᠭᠤ ᠠᠴᠠ ᠠᠩᠬᠢᠵᠢᠷᠠᠭᠤᠯᠬᠤ ᠪᠤᠯ ︽ᠲᠠᠪᠤᠨ ᠨᠢᠬᠡ ᠪᠦᠯᠦᠭ︾ ᠎ ᠤᠨ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠪᠠᠶᠢᠯᠳᠤᠬᠤ ᠪᠤᠳᠤᠯᠭ᠎ᠠ ᠶᠢᠨ ᠴᠢᠬᠤᠯᠠ ᠠᠭᠤᠯᠭ᠎ᠠ ᠪᠤᠯᠤᠨ᠎ᠠ᠂ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠰᠠᠶᠢᠵᠢᠷᠠᠭᠤᠯᠬᠤ᠂ ᠠᠮᠢᠳᠤᠷᠠᠯ ᠤᠨ ᠲᠦᠪᠰᠢᠨ ᠢ ᠲᠡᠭᠡᠭᠰᠢᠯᠡᠬᠦᠯᠬᠦ᠂ ᠤᠢᠢᠯᠡᠳᠪᠤᠷᠢᠯᠠᠯ ᠤᠨ ᠴᠢᠳᠠᠪᠤᠷᠢ ᠶᠢ ᠲᠡᠭᠡᠭᠰᠢᠯᠡᠬᠦᠯᠬᠦ ᠪᠠᠷ ᠲᠠᠮᠵᠢᠭᠤᠯᠵᠥ ᠶᠠᠳᠠᠭᠤ ᠠᠴᠠ ᠠᠩᠬᠢᠵᠢᠷᠠᠭᠤᠯᠬᠤ ᠡᠬᠦᠷᠬᠡ ᠶᠢ ᠪᠡᠶᠡᠯᠡᠬᠦᠯᠬᠦ ᠭᠡᠷᠡᠭᠳᠠᠢ᠃ ᠮᠠᠨ ᠤ ᠤᠯᠤᠰ ᠤᠨ ᠡᠯᠡᠰᠦᠷᠭᠡᠭᠵᠢᠨ ᠲᠠᠴᠢᠷᠰᠢᠬᠰᠠᠨ ᠭᠠᠵᠠᠷ ᠤᠷᠤᠨ ᠪᠤᠯᠤᠨ ᠲᠦᠪᠯᠡᠷᠡᠨ ᠵᠠᠯᠭᠠᠯᠳᠤᠬᠰᠠᠨ ᠤᠨᠴᠠ ᠬᠦᠷᠴᠢᠳᠠᠯᠳᠠᠢ ᠤᠷᠤᠨ ᠨᠢ ᠲᠡᠭᠡᠳᠥ ᠬᠡᠮᠵᠢᠶ᠎ᠠ ᠪᠠᠷ ᠲᠠᠪᠬᠤᠴᠠᠵᠥ᠂ ᠠᠮᠢ ᠠᠬᠤᠢ ᠬᠦᠨᠳᠥ ᠨᠤᠴᠢᠳᠠᠢ ᠡᠪᠳᠡᠭᠳᠡᠭᠰᠡᠨ ᠤᠷᠤᠨ ᠪᠤᠯᠬᠤ ᠪᠠᠷ ᠪᠠᠷᠠᠬᠤ ᠦᠬᠡᠢ᠂ ᠮᠦᠨᠴᠥ ᠶᠠᠳᠠᠭᠤ ᠶᠢ ᠲᠡᠤᠬᠦᠵᠥ ᠨᠡᠬᠡᠬᠡᠨ ᠬᠦᠭᠵᠢᠬᠦᠯᠬᠦ ᠭᠤᠤᠯ ᠲᠠᠶᠢᠯᠠᠯᠳᠤᠭᠠᠨ ᠤ ᠲᠠᠯᠠᠪᠤᠷ ᠪᠤᠯᠤᠨ᠎ᠠ᠃ ᠮᠠᠨ ᠤ ᠤᠯᠤᠰ ᠤᠨ ᠡᠯᠡᠰᠤᠷᠭᠡᠭᠵᠢᠨ ᠲᠠᠴᠢᠷᠰᠢᠬᠰᠠᠨ ᠭᠠᠵᠠᠷ ᠤᠷᠤᠨ ᠨᠢ ᠤᠷᠳᠥ ᠬᠤᠭᠤᠴᠠᠭ᠎ᠠ ᠶᠠᠳᠠᠭᠤ ᠶᠢ ᠲᠡᠳᠬᠦᠵᠥ ᠨᠡᠬᠡᠬᠡᠨ ᠬᠦᠭᠵᠢᠬᠦᠯᠬᠦ ᠶᠠᠪᠤᠴᠠ ᠳᠤ ᠴᠢᠬᠤᠯᠠ ᠲᠤᠷᠰᠢᠯᠭ᠎ᠠ ᠬᠤᠷᠠᠮᠳᠤᠭᠤᠯᠵᠥ᠂ ᠤᠨᠴᠠᠭᠠᠢᠢᠯᠠᠨ ᠢ ᠯᠢ ᠡᠬᠢ ᠪᠠᠶᠠᠯᠢᠬ ᠤᠨ ᠨᠡᠬᠡᠬᠡᠨ ᠬᠦᠭᠵᠢᠬᠦᠯᠬᠦ ᠪᠦᠯᠦᠭᠯᠠᠯ ᠤᠨ ᠡᠷᠢᠨ ᠰᠦᠪᠡᠭᠴᠢᠯᠡᠵᠦ ᠭᠠᠷᠭᠠᠬᠰᠠᠨ ᠬᠦᠪᠴᠢ ᠶᠢᠨ ᠡᠯᠡᠰᠥ ᠶᠢ ᠵᠠᠰᠠᠵᠥ ᠠᠮᠢ ᠠᠬᠤᠢ ᠪᠠᠷ ᠶᠠᠳᠠᠭᠤ ᠶᠢ ᠲᠡᠳᠬᠦᠬᠦ ᠵᠠᠬᠪᠤᠷ ᠨᠢ ᠮᠠᠰᠢ ᠴᠢᠬᠤᠯᠠ ᠲᠦᠯᠤᠬᠡᠯᠡᠬᠦ ᠴᠢᠨᠠᠷ ᠲᠠᠢ ᠪᠦᠬᠡᠳ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠵᠠᠮ ᠢᠶᠠᠷ ᠵᠠᠮᠨᠠᠬᠰᠠᠨ ᠪᠠᠶᠢᠨ᠎ᠠ᠃ ᠲᠠᠴᠢᠷᠰᠢᠬᠰᠠᠨ ᠭᠠᠵᠠᠷ ᠤᠷᠤᠨ ᠤ ᠶᠠᠳᠠᠭᠤ ᠶᠢ ᠲᠡᠳᠭᠦᠬᠦ ᠠᠵᠢᠯ ᠢ ᠠᠬᠢᠭᠤᠯᠬᠤ ᠳᠤ ᠲᠦᠷᠪᠡᠨ ᠲᠠᠯ᠎ᠠ ᠶᠢ ᠠᠩᠬᠠᠷᠬᠤ ᠬᠡᠷᠡᠭᠲᠠᠢ᠄ ᠡᠯᠡᠰᠦᠨ ᠎ ᠤ ᠠᠵᠦ ᠦᠢᠯᠡᠰ ᠢ ᠬᠦᠭᠵᠢᠭᠦᠯᠬᠦ ᠪᠠᠷ ᠲᠠᠮᠵᠢᠭᠤᠯᠤᠨ ᠶᠠᠳᠠᠭᠤ ᠶᠢ ᠲᠡᠳᠬᠦᠭᠰᠡᠨ ᠢ ᠯᠢ ᠡᠬᠢ ᠪᠠᠶᠠᠯᠢᠭ ᠤᠨ ᠪᠦᠯᠦᠭᠯᠡᠯ ᠤᠨ ᠲᠤᠩ ᠰᠠᠶᠢᠨ ᠲᠤᠷᠰᠢᠯᠭ᠎ᠠ ᠪᠤᠯᠤᠨ ᠵᠠᠭᠪᠤᠷ ᠢ ᠶᠡᠬᠡᠪᠡᠷ ᠰᠤᠷᠤᠯᠴᠠᠵᠦ ᠲᠡᠯᠭᠡᠷᠡᠭᠦᠯᠬᠦ ᠬᠡᠷᠡᠭᠲᠠᠢ︔ ᠵᠠᠬ᠎ᠠ ᠲᠡᠯᠭᠡᠭᠦᠷᠴᠢᠯᠡᠬᠦ ᠵᠠᠮ ᠢᠶᠠᠷ ᠶᠠᠪᠤᠵᠦ᠂ ᠲᠤᠯᠤᠭᠠᠢᠢᠯᠠᠭᠴᠢ ᠠᠵᠦ ᠠᠬᠤᠢᠢᠯᠠᠯ ᠢ ᠬᠦᠲᠦᠯᠦᠨ ᠵᠢᠯᠤᠭᠤᠳᠴᠥ᠂ ᠲᠡᠬᠦᠨ ᠳᠤ ᠲᠦᠰᠢᠭᠯᠡᠨ ᠶᠠᠳᠠᠭᠤ ᠶᠢ ᠲᠡᠳᠭᠦᠬᠦ ᠠᠵᠢᠯ ᠢ ᠲᠠᠶᠢᠴᠢᠯᠠᠵᠦ᠂ ᠠᠵᠦ ᠠᠬᠤᠢᠢᠯᠠᠯ ᠬᠦᠭᠵᠢᠵᠦ ᠴᠢᠳᠠᠬᠤ᠂ ᠤᠯᠠᠨ ᠲᠦᠮᠡᠨ ᠶᠠᠳᠠᠭᠤ ᠠᠴᠠ ᠠᠩᠭᠢᠵᠢᠷᠠᠵᠦ ᠴᠢᠳᠠᠬᠤ ᠪᠤᠯᠭᠠᠬᠤ ᠬᠡᠷᠡᠭᠲᠠᠢ︔ ᠶᠠᠳᠠᠭᠤ ᠬᠦᠴᠢᠷᠳᠡᠯᠳᠡᠢ ᠤᠯᠠᠨ ᠲᠦᠮᠡᠨ ᠤ ᠲᠤᠲᠤᠭᠠᠳᠦ ᠬᠦᠳᠡᠯᠭᠡᠬᠦ ᠬᠦᠴᠦᠨ ᠢ ᠬᠦᠭᠵᠢᠭᠡᠵᠦ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠰᠡᠳᠭᠢᠯ ᠢ ᠲᠤᠯᠠᠭᠠᠴᠠᠭᠤᠯᠵᠦ᠂ ᠤᠯᠠᠨ ᠲᠦᠮᠡᠨ ᠢ ᠬᠦᠳᠡᠯᠦᠯᠴᠡᠭᠦᠯᠵᠦ᠂ ᠠᠰᠢᠬ ᠲᠤᠰᠠ ᠶᠢᠨ ᠲᠤᠭᠲᠠᠴᠠ ᠶᠢ ᠪᠠᠶᠢᠭᠤᠯᠵᠦ᠂ ᠵᠤᠭᠤᠰ ᠬᠦᠷᠭᠡᠵᠦ᠂ ᠪᠤᠳᠠᠰ ᠬᠦᠷᠭᠡᠵᠦ ᠴᠢᠰᠦ ᠶᠡᠭᠦᠯᠡᠵᠦ ᠶᠠᠳᠠᠭᠤ ᠶᠢ ᠲᠡᠳᠭᠦᠬᠦ ᠬᠠᠭᠤᠴᠢᠨ ᠵᠠᠮ ᠢᠶᠠᠷ ᠢᠶᠠᠨ ᠶᠠᠪᠤᠬᠤ ᠶᠢ ᠰᠡᠷᠭᠡᠶᠢᠯᠡᠬᠦ ᠬᠡᠷᠡᠭᠲᠠᠢ︔ ᠭᠠᠵᠠᠷ ᠤᠷᠤᠨ ᠤ ᠪᠠᠨ ᠪᠠᠶᠢᠳᠠᠯ ᠳᠤ ᠲᠤᠬᠢᠷᠠᠭᠤᠯᠤᠨ᠂ ᠶᠠᠳᠠᠭᠤ ᠶᠢ ᠲᠡᠳᠭᠦᠬᠦ ᠠᠷᠭ᠎ᠠ ᠮᠠᠶ᠋ᠢᠭ ᠢ ᠰᠢᠨᠡᠴᠢᠯᠡᠬᠦ ᠬᠡᠷᠡᠭᠲᠠᠢ᠂ ᠲᠠᠴᠢᠷᠰᠢᠬᠰᠠᠨ ᠭᠠᠵᠠᠷ  ᠨᠢ ᠲᠦᠪ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠠᠯᠳᠤᠭᠠᠨ ᠤ ᠢᠯᠠᠯᠲᠠ ᠶᠢ ᠤᠯᠵᠦ᠂ ᠢᠯᠠᠩᠭᠤᠶ᠎ᠠ ᠠᠮᠢ ᠠᠬᠤᠢ ᠶᠢ ᠬᠠᠮᠠᠭᠠᠯᠠᠨ ᠶᠠᠳᠠᠭᠤ ᠶᠢ ᠲᠡᠳᠬᠦᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠲᠤᠬᠠᠢ ᠪᠠᠶᠢᠷᠢᠯᠠᠭᠤᠯᠤᠯᠲᠠ ᠶᠤᠰᠤᠭᠠᠷ ᠪᠤᠳᠠᠲᠦ ᠪᠠᠶᠢᠳᠠᠯ ᠲᠠᠢ ᠤᠶᠠᠯᠳᠤᠭᠤᠯᠤᠨ ᠤᠯᠠᠨ ᠵᠦᠢᠯ ᠤᠨ ᠬᠡᠯᠪᠡᠷᠢ ᠪᠠᠷ ᠶᠠᠳᠠᠭᠤ ᠶᠢ ᠲᠡᠳᠭᠦᠬᠦ ᠠᠵᠢᠯ ᠢ ᠰᠠᠶᠢᠲᠤᠷ ᠬᠢᠬᠦ ᠬᠡᠷᠡᠭᠲᠠᠢ᠃      ᠸᠠᠩ ᠢᠦᠢ ᠮᠢᠩ᠂ ᠥᠪᠤᠷ ᠮᠤᠩᠭᠤᠯ ᠪᠤᠯ ᠪᠦᠬᠦ ᠤᠯᠤᠰ ᠤᠨ ᠲᠠᠴᠢᠷᠰᠢᠬᠰᠠᠨ ᠪᠠ ᠡᠯᠡᠰᠦᠷᠭᠡᠭᠵᠢᠭᠰᠡᠨ ᠭᠠᠵᠠᠷ ᠰᠢᠷᠤᠢ ᠨᠢ ᠬᠠᠮᠤᠭ ᠤᠨ ᠲᠦᠪᠯᠡᠷᠡᠩᠭᠦᠢ᠂ ᠬᠤᠤᠷ ᠬᠦᠨᠦᠭᠡᠯ ᠨᠢ ᠬᠠᠮᠤᠭ ᠤᠨ ᠬᠦᠨᠳᠦ ᠨᠤᠴᠢᠲᠠᠢ᠂ ᠠᠮᠢ ᠠᠬᠤᠢ ᠶᠢᠨ ᠤᠷᠴᠢᠨ ᠲᠤᠭᠤᠷᠢᠨ ᠬᠠᠮᠤᠭ ᠤᠨ ᠬᠡᠪᠡᠷᠡᠭ ᠮᠤᠵᠢ ᠤᠷᠤᠨ ᠤ ᠨᠢᠭᠡ ᠨᠢ ᠪᠤᠯᠤᠨ᠎ᠠ᠃ ᠪᠦᠬᠦ ᠤᠯᠤᠰ ᠤᠨ ᠲᠠᠴᠢᠷᠰᠢᠭᠰᠠᠨ ᠭᠠᠵᠠᠷ ᠤᠷᠤᠨ ᠤ ᠶᠠᠳᠠᠭᠤ ᠶᠢ ᠲᠡᠳᠬᠦᠵᠦ ᠨᠡᠭᠡᠭᠡᠯᠲᠡ ᠬᠢᠬᠦ ᠠᠵᠢᠯ ᠤᠨ ᠶᠠᠷᠢᠯᠴᠠᠬᠤ ᠬᠤᠷᠠᠯ ᠢ ᠬᠦᠪᠴᠢ ᠶᠢᠨ ᠡᠯᠡᠰᠦᠨ ᠳᠤ ᠬᠢᠭᠰᠡᠨ ᠨᠢ ᠤᠯᠤᠰ ᠠᠴᠠ ᠦᠪᠤᠷ ᠮᠤᠩᠭᠤᠯ ᠤᠨ ᠡᠯᠡᠰᠦᠷᠬᠡᠭ ᠤᠷᠤᠨ ᠤ ᠠᠮᠢ ᠠᠬᠤᠢ ᠶᠢ ᠬᠠᠮᠠᠭᠠᠯᠠᠨ ᠶᠠᠳᠠᠭᠤ ᠶᠢ ᠲᠡᠳᠬᠦᠭᠦ ᠠᠵᠢᠯ ᠢ ᠨᠤᠳᠠᠯᠠᠵᠦ ᠪᠠᠶᠢᠬᠤ ᠶᠢ ᠬᠠᠷᠠᠭᠤᠯᠵᠦ ᠪᠤᠢ᠂ ᠢ ᠯᠢ ᠡᠬᠢ ᠪᠠᠶᠠᠯᠢᠭ ᠤᠨ ᠪᠦᠯᠦᠭᠯᠡᠯ ᠬᠦᠪᠴᠢ ᠶᠢᠨ ᠡᠯᠡᠰᠦᠨ ᠳᠤ ᠬᠤᠷᠢ ᠭᠠᠷᠤᠢ ᠵᠢᠯ ᠡᠯᠡᠰᠦ ᠶᠢ ᠵᠠᠰᠠᠭᠠᠳ ᠠᠮᠢ ᠠᠬᠤᠢ ᠶᠢᠨ ᠠᠵᠦ ᠦᠢᠯᠡᠰ ᠢᠶᠠᠷ ᠡᠯᠡᠰᠦᠷᠬᠡᠭ ᠤᠷᠤᠨ ᠤ ᠤᠯᠠᠨ ᠲᠦᠮᠡᠨ ᠢ ᠶᠠᠳᠠᠭᠤ ᠠᠴᠠ ᠠᠩᠭᠢᠵᠢᠷᠠᠭᠤᠯᠬᠤ ᠶᠢ ᠲᠠᠶᠢᠴᠢᠯᠠᠪᠠ᠂ ᠲᠡᠳᠡᠨ ᠤ ᠠᠮᠵᠢᠯᠲᠠ ᠨᠤᠲᠠᠯᠠᠭᠤᠰᠢᠲᠠᠢ᠂ ᠲᠡᠳᠡᠨ ᠤ ᠲᠤᠷᠰᠢᠯᠭ᠎ᠠ ᠰᠤᠷᠤᠯᠴᠠᠭᠤᠰᠢᠲᠠᠢ᠂ ᠲᠤᠯᠢ ᠪᠤᠯᠭᠠᠭᠤᠰᠢᠲᠠᠢ ᠭᠡᠵᠦ ᠵᠢᠭᠠᠵᠦ ᠭᠠᠷᠭᠠᠪᠠ᠃      ᠦᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ᠂ ᠭᠠᠨᠰᠦ ᠮᠤᠵᠢ᠂ ᠨᠢᠩᠰᠢᠶᠠ ᠶᠢᠨ ᠬᠤᠲᠤᠩ ᠦᠨᠳᠦᠰᠦᠲᠡᠨ ᠤ ᠦᠪᠡᠷᠳᠡᠭᠡᠨ ᠵᠠᠰᠠᠬᠤ ᠤᠷᠤᠨ᠂ ᠱᠠᠨ ᠰᠢ ᠮᠤᠵᠢ᠂ ᠾᠧᠪᠧᠢ ᠮᠤᠵᠢ᠂ ᠱᠠᠨᠰᠢ ᠮᠤᠵᠢ᠂ ᠬᠦᠬᠡᠨᠠᠭᠤᠷ ᠮᠤᠵᠢ᠂ ᠰᠢᠨᠵᠢᠶᠠᠩ ᠤᠨ ᠤᠢᠢᠭᠤᠷ ᠤᠨ ᠦᠪᠡᠷᠳᠡᠭᠡᠨ ᠵᠠᠰᠠᠬᠤ ᠤᠷᠤᠨ ᠵᠡᠷᠭᠡ ᠤᠮᠠᠷᠠᠲᠦ ᠶᠢᠨ 8 ᠮᠤᠵᠢ ᠤᠷᠤᠨ ᠤ ᠬᠤᠯᠪᠤᠭᠳᠠᠯ ᠪᠦᠬᠦᠢ ᠤᠳᠤᠷᠢᠳᠤᠯᠭ᠎ᠠ ᠪᠤᠯᠤᠨ ᠤᠯᠤᠰ ᠤᠨ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ᠂ ᠤᠯᠤᠰ ᠤᠨ ᠤᠢ ᠰᠢᠭᠤᠢ ᠶᠢᠨ ᠲᠤᠪᠴᠢᠶ᠎ᠠ᠂ ᠤᠯᠤᠰ ᠤᠨ ᠨᠡᠭᠡᠭᠡᠯᠲᠡ ᠶᠢᠨ ᠪᠠᠩᠭᠢ᠂ ᠳᠤᠮᠳᠠᠳᠦ ᠤᠯᠤᠰ ᠎ ᠤᠨ ᠲᠠᠷᠢᠶᠠᠯᠠᠩ ᠤᠨ ᠬᠦᠭᠵᠢᠯᠲᠡ ᠶᠢᠨ ᠪᠠᠩᠭᠢ ᠵᠡᠷᠭᠡ ᠶᠢᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号