ᠥᠪᠥᠷ ᠮᠣᠩᠭᠤᠯ ᠪᠠᠷᠠᠭᠤᠨ ᠬᠤᠶᠢᠲᠤ ᠶᠢᠨ ᠵᠢᠭᠤᠯᠴᠢᠯᠠᠯ ᠤᠨ ᠲᠣᠭᠤᠷᠢᠭ ᠲᠤ ᠠᠭᠤᠰᠤᠯᠴᠠ ᠤᠷᠤᠵᠤ  ᠦᠪᠦᠷ ᠮᠣᠩᠭᠤᠯ ᠱᠠᠨᠰᠢ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2016-09-02
     2016 ᠣᠨ ᠤ ᠳᠤᠮᠳᠠᠳᠤ ᠤᠯᠤᠰ ᠤᠨ ᠰᠢ ᠠᠨ ᠤ ︽ᠲᠣᠷᠭᠠᠨ ᠵᠠᠮ︾ ᠤᠨ ᠣᠯᠠᠨ ᠤᠯᠤᠰ ᠤᠨ ᠵᠢᠭᠤᠯᠴᠢᠯᠠᠯ ᠤᠨ ᠦᠵᠡᠰᠬᠦᠯᠡᠩ ᠤᠨ ᠬᠤᠷᠠᠯ ᠣᠶᠢᠷ᠎ᠠ ᠳᠤ ᠱᠠᠨᠰᠢ ᠮᠤᠵᠢ ᠶᠢᠨ ᠰᠢ ᠠᠨ ᠬᠤᠳᠠ ᠳᠤ ᠦᠪᠡᠳᠡᠭᠰᠢ ᠶᠡᠭᠡ ᠪᠠᠷ ᠶᠠᠪᠤᠭᠳᠠᠪᠠ᠂ ᠤᠯᠤᠰ ᠤᠨ ᠵᠢᠭᠤᠯᠴᠢᠯᠠᠯ ᠤᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠳ᠋ᠦ᠋ ᠵᠢᠶᠠᠩ᠂ ᠱᠠᠨᠰᠢ ᠮᠤᠵᠢ ᠶᠢᠨ ᠳᠡᠳ᠋ ᠳᠠᠷᠤᠭ᠎ᠠ ᠸᠠᠩ ᠯᠢ ᠰᠢᠶᠠ ᠵᠡᠷᠭᠡ ᠤᠳᠤᠷᠢᠳᠤᠯᠭ᠎ᠠ ᠨᠠᠷ ᠬᠤᠷᠠᠯ ᠡᠬᠢᠯᠡᠬᠦ ᠶᠣᠰᠣᠯᠠᠯ ᠳᠤ ᠣᠷᠣᠯᠴᠠᠪᠠ᠃      ᠥᠪᠥᠷ ᠮᠣᠩᠭᠤᠯ ᠤᠨ ᠵᠢᠭᠤᠯᠴᠢᠯᠠᠯ ᠤᠨ ᠲᠤᠪᠴᠢᠶ᠎ᠠ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠣᠯᠭ᠎ᠠ ᠶᠢᠨ ᠶᠡᠭᠡ ᠪᠠᠶᠢᠷᠢᠰᠢᠯ ᠳᠤ ᠢᠳᠡᠪᠬᠢᠲᠡᠶ ᠠᠭᠤᠰᠤᠯᠴᠠᠵᠤ᠂ ᠴᠠᠭ ᠲᠣᠬᠢᠶᠠᠯ ᠢ ᠠᠳᠬᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠭ᠎ᠠ ᠬᠢᠪᠡ᠃ ᠪᠥᠬᠦ ᠣᠷᠣᠨ ᠤ ᠳᠤᠮᠳᠠ ᠪᠠᠷᠠᠭᠤᠨ ᠬᠡᠰᠡᠭ ᠤᠨ 6 ᠭᠤᠣᠯ ᠠᠶᠢᠮᠠᠭ ᠬᠤᠳᠠ ᠶᠢᠨ ᠵᠢᠭᠤᠯᠴᠢᠯᠠᠯ ᠤᠨ ᠲᠤᠪᠴᠢᠶ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ 20 ᠵᠢᠭᠤᠯᠴᠢᠯᠠᠯ ᠤᠨ ᠠᠵᠤ ᠠᠬᠤᠶᠢᠯᠠᠯ ᠵᠢᠴᠢ ᠰᠢ ᠠᠨ ᠤ ᠲᠤᠩ ᠴᠧᠩ ᠵᠢᠭᠤᠯᠴᠢᠯᠠᠯ ᠤᠨ 80 ᠰᠢᠬᠠᠮ ᠬᠥᠮᠦᠨ ᠦᠵᠡᠭᠦᠯᠦᠯᠭᠡ ᠳᠤ ᠣᠷᠣᠯᠴᠠᠭᠰᠠᠨ ᠪᠠᠶᠢᠨ᠎ᠠ᠃      ᠡᠨᠡ ᠤᠳᠠᠭᠠᠨ ᠤ ᠦᠵᠡᠰᠬᠦᠯᠡᠩ ᠳᠤ ᠣᠷᠣᠯᠴᠠᠬᠤ ᠳᠠᠭᠠᠨ᠂ ᠥᠪᠥᠷ ᠮᠣᠩᠭᠤᠯ ᠤᠨ ᠵᠢᠭᠤᠯᠴᠢᠯᠠᠯ ᠤᠨ ᠲᠤᠪᠴᠢᠶ᠎ᠠ ᠳᠡᠯᠭᠡᠨ ᠦᠵᠡᠭᠦᠯᠬᠦ ᠭᠠᠵᠠᠷ ᠢ ᠨᠠᠷᠢᠨ ᠨᠢᠮᠪᠠᠶ ᠲᠥᠯᠥᠪᠯᠡᠨ᠂ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠰᠢᠪᠲᠤᠯᠤᠯᠲᠠ ᠭᠠᠷᠭᠠᠬᠤ ᠪᠠᠷ ᠬᠦᠴᠦᠯᠡᠨ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠶᠡᠭᠡ ᠵᠢᠭᠤᠯᠴᠢᠯᠠᠯ ᠤᠨ ᠨᠡᠷᠡᠲᠦ ᠲᠡᠮᠳᠡᠭᠲᠦ ᠣᠷᠣᠨ ᠪᠦᠰᠡ︾ ᠪᠠᠷ ᠰᠠᠭᠤᠷᠢ ᠪᠤᠯᠭᠠᠵᠤ᠂ ᠮᠣᠩᠭᠤᠯ ᠦᠨᠳᠦᠰᠦᠲᠡᠨ ᠤ ᠤᠳᠤ ᠦᠶ᠎ᠡ ᠶᠢᠨ ᠪᠠ ᠤᠯᠠᠮᠵᠢᠯᠠᠯᠲᠤ ᠡᠯᠧᠮᠧᠨ᠋ᠲ ᠢ ᠤᠷᠭᠠᠨᠢᠭ ᠢᠶᠠᠷ ᠤᠶᠠᠯᠳᠤᠭᠤᠯᠵᠤ᠂ ᠦᠨᠳᠦᠰᠦᠲᠡᠨ ᠤ ᠰᠣᠶᠣᠯ ᠤᠨ ᠭᠤᠣᠯ ᠰᠡᠳᠦᠪ ᠢ ᠳᠤᠪᠤᠶᠢᠯᠭᠠᠵᠤ᠂ ︽ᠭᠤᠶᠤ ᠭᠡᠭᠡᠨᠴᠢᠷ ᠥᠪᠥᠷ ᠮᠣᠩᠭᠤᠯ︾ ᠨᠡᠷᠡᠳᠥ ᠲᠡᠮᠳᠡᠭᠲᠦ ᠶᠢᠨ ᠲᠥᠷᠢ ᠲᠥᠷᠬᠦ ᠶᠢ ᠳᠡᠯᠭᠡᠨ ᠦᠵᠡᠭᠦᠯᠦᠭᠰᠡᠨ ᠪᠦᠭᠡᠳ ᠬᠠᠮᠤᠭ ᠰᠢᠯᠢᠳᠡᠭ ᠦᠵᠡᠭᠦᠯᠦᠯᠭᠡ ᠶᠢᠨ ᠵᠢᠷᠤᠭ ᠲᠥᠯᠥᠪᠯᠡᠭᠡ ᠶᠢᠨ ᠱᠠᠩᠨᠠᠯ ᠢ ᠤᠯᠪᠠ᠃      ᠦᠵᠡᠰᠬᠦᠯᠡᠩ ᠳᠤ ᠣᠷᠣᠯᠴᠠᠭᠰᠠᠨ ᠠᠴᠠ ᠭᠠᠳᠠᠨ᠎ᠠ᠂ ᠥᠪᠥᠷ ᠮᠣᠩᠭᠤᠯ ᠤᠨ ᠵᠢᠭᠤᠯᠴᠢᠯᠠᠯ ᠤᠨ ᠲᠣᠪᠴᠢᠶ᠎ᠠ ᠪᠠᠰᠠ ᠰᠢ ᠠᠨ ᠬᠤᠲᠠ ᠳᠤ ︽2016 ᠲᠠᠯ᠎ᠠ ᠨᠤᠲᠤᠭ ᠤᠨ ᠪᠤᠯᠵᠤᠭ᠎ᠠ︾ ᠥᠪᠥᠷ ᠮᠣᠩᠭᠤᠯ ᠤᠨ ᠵᠢᠭᠤᠯᠴᠢᠯᠠᠯ ᠤᠨ ᠲᠠᠨᠢᠯᠴᠠᠭᠤᠯᠬᠤ ᠬᠤᠷᠠᠯ ᠢ ᠡᠷᠬᠢᠯᠡᠪᠡ᠃      ᠬᠤᠷᠠᠯ ᠳᠡᠭᠡᠷ᠎ᠡ᠂ ᠥᠪᠥᠷ ᠮᠣᠩᠭᠤᠯ ᠤᠨ ᠵᠢᠭᠤᠯᠴᠢᠯᠠᠯ ᠤᠨ ᠲᠤᠪᠴᠢᠶ᠎ᠠ ︽ᠡᠬᠡ ᠤᠯᠤᠰ ᠤᠨ ᠤᠮᠠᠷᠠᠲᠤ ᠤᠷᠤᠨ᠂ ᠭᠤᠶᠤ ᠭᠡᠭᠡᠨᠴᠢᠷ ᠥᠪᠥᠷ ᠮᠣᠩᠭᠤᠯ︾ ᠤᠨ ᠪᠦᠬᠦᠯᠢ ᠴᠣᠭᠴᠠ ᠶᠢᠨ ᠲᠠᠨᠢᠯᠴᠠᠭᠤᠯᠭ᠎ᠠ ᠬᠢᠪᠡ᠃ ᠤᠷᠳᠤᠰ ᠬᠤᠳᠠ᠂ ᠤᠯᠠᠭᠠᠨᠴᠠᠪ ᠬᠤᠳᠠ᠂ ᠮᠠᠨᠵᠤᠤᠷ ᠬᠤᠳᠠ᠂ ᠦᠬᠠᠶ ᠬᠤᠳᠠ ᠶᠢᠨ ᠵᠢᠭᠤᠯᠴᠢᠯᠠᠯ ᠤᠨ ᠲᠣᠪᠴᠢᠶ᠎ᠠ ᠲᠤᠰ ᠲᠤᠰ ᠥᠪᠥᠷ ᠮᠣᠩᠭᠤᠯ ᠤᠨ ᠳᠥᠷᠪᠡᠨ ᠶᠡᠭᠡ ᠨᠡᠷᠡᠲᠦ ᠵᠢᠭᠤᠯᠴᠢᠯᠠᠯ ᠤᠨ ᠣᠷᠣᠨ ᠪᠦᠰᠡ ᠶᠢ ᠲᠦᠯᠦᠭᠡᠯᠡᠨ ᠲᠠᠨᠢᠯᠴᠠᠭᠤᠯᠭ᠎ᠠ ᠬᠢᠪᠡ᠃ ᠡᠭᠦᠨ ᠠᠴᠠ ᠭᠠᠳᠠᠨ᠎ᠠ᠂ ᠱᠠᠨᠰᠢ ᠥᠪᠥᠷ ᠮᠣᠩᠭᠤᠯ ᠬᠤᠶᠠᠷ ᠭᠠᠵᠠᠷ ᠤᠨ ᠵᠢᠭᠤᠯᠴᠢᠯᠠᠯ ᠤᠨ ᠲᠣᠪᠴᠢᠶ᠎ᠠ ᠵᠢᠴᠢ ᠵᠢᠭᠤᠯᠴᠢᠯᠠᠯ ᠤᠨ ᠭᠠᠵᠠᠷ ᠨᠡᠶᠢᠳᠡ 19 ᠨᠢᠭᠡᠴᠡ ᠲᠤᠰ ᠲᠤᠰ ᠬᠠᠷᠢᠯᠴᠠᠨ ᠵᠢᠭᠤᠯᠴᠢᠯᠠᠭᠴᠢᠳ ᠬᠦᠷᠭᠡᠬᠦ ᠵᠦᠪᠳᠡᠯᠴᠡᠭᠡᠷ ᠲᠤᠭᠲᠠᠵᠤ᠂ ᠢᠷᠡᠭᠡᠳᠦᠶ ᠳᠤ ᠦᠪᠦᠷ ᠮᠣᠩᠭᠤᠯ ᠱᠠᠨᠰᠢ ᠬᠤᠶᠠᠷ ᠭᠠᠵᠠᠷ ᠲᠤ ᠨᠠᠭᠠᠲᠤ ᠵᠠᠬ᠎ᠠ ᠳᠠᠭᠠᠨ 4 ᠲᠦᠮᠡᠨ ᠵᠢᠭᠤᠯᠴᠢᠯᠠᠭᠴᠢᠳ ᠢ ᠲᠠᠲᠠᠨ ᠠᠪᠴᠢᠷᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号