| 9 ᠳ᠋ᠤᠭᠡᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠦᠬᠡᠬᠤᠲᠠ ᠳᠤ | ᠬᠤᠸᠠ ᠷᠦᠨ ︵ᠪᠦᠯᠦᠭᠯᠡᠯ︶ ᠬᠢᠵᠠᠭᠠᠷᠲᠦ ᠺᠤᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠳᠡᠳ᠋ ᠬᠡᠷᠡᠭ | ᠮᠡᠳᠡᠭᠴᠢᠳ ᠤᠨ ᠳᠠᠷᠤᠭ᠎ᠠ᠂ ᠶᠡᠷᠤᠩᠬᠡᠢ ᠳᠠᠭᠠᠭᠠᠮᠠᠯ ᠯᠦᠸᠧ ᠰᠢ ᠨᠠᠷ ᠲᠠᠢ ᠠᠭᠤᠯᠵᠠᠪᠠ᠃ | 9 ᠳ᠋ᠤᠭᠡᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠦᠬᠡᠬᠤᠲᠠ ᠳᠤ | ᠬᠤᠸᠠ ᠷᠦᠨ ︵ᠪᠦᠯᠦᠭᠯᠡᠯ︶ ᠬᠢᠵᠠᠭᠠᠷᠲᠦ ᠺᠤᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠳᠡᠳ᠋ ᠬᠡᠷᠡᠭ | ᠮᠡᠳᠡᠭᠴᠢᠳ ᠤᠨ ᠳᠠᠷᠤᠭ᠎ᠠ᠂ ᠶᠡᠷᠤᠩᠬᠡᠢ ᠳᠠᠭᠠᠭᠠᠮᠠᠯ ᠯᠦᠸᠧ ᠰᠢ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠶᠠᠷᠢᠯᠴᠠᠨ ᠰᠤᠯᠢᠯᠴᠠᠵᠠᠢ᠃ | ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ | ᠡᠮᠦᠨ᠎ᠠ ᠠᠴᠠ ᠯᠦᠸᠧ ᠰᠢ ᠨᠠᠷ ᠤᠨ ᠠᠶᠢᠯᠴᠢᠯᠠᠬᠤ ᠪᠠᠷ ᠢᠷᠡᠭᠰᠡᠨ ᠳᠤ ᠪᠠᠶᠠᠷᠯᠠᠨ ᠤᠭᠲᠤᠵᠤ ᠪᠠᠶᠢᠬᠤ ᠪᠠᠨ | ᠢᠯᠡᠳᠭᠡᠪᠡ᠃ ᠲᠡᠷᠡ᠂ ᠦᠪᠦᠷ ᠮᠤᠩᠭᠤᠯ ᠤᠨ ᠨᠤᠲᠤᠭ ᠳᠡᠪᠢᠰᠭᠡᠷ ᠦᠷᠭᠡᠨ ᠠᠭᠤᠳᠠᠮ᠂ ᠤᠷᠤᠨ ᠪᠠᠶᠢᠷᠢ | ᠳᠠᠪᠠᠭᠤᠯᠢᠭ᠂ ᠡᠬᠢ ᠪᠠᠶᠠᠯᠢᠭ ᠡᠯᠪᠡᠭ ᠲᠡᠯᠪᠡᠭ ᠪᠠᠶᠢᠵᠦ᠂ ᠤᠢᠢᠷ᠎ᠠ ᠶᠢᠨ ᠵᠢᠯ ᠳᠤ ᠠᠵᠤ ᠠᠬᠤᠢ ᠶᠢᠨ ᠲᠤᠭᠳᠠᠭᠤᠨ | ᠡᠷᠡᠭᠦᠯ ᠬᠦᠭᠵᠢᠯᠲᠠ ᠶᠢ ᠪᠠᠲᠤᠯᠠᠵᠤ᠂ ᠰᠠᠭᠤᠷᠢ ᠲᠦᠬᠦᠭᠡᠷᠤᠮᠵᠢ ᠲᠠᠰᠤᠷᠠᠯᠲᠠ ᠦᠭᠡᠢ ᠰᠠᠶᠢᠵᠢᠷᠠᠵᠤ᠂ ᠠᠮᠢ | ᠠᠬᠤᠢ ᠶᠢᠨ ᠰᠡᠷᠭᠦᠯᠲᠡ ᠶᠡᠬᠡᠳᠠ ᠰᠠᠶᠢᠨ᠂ ᠨᠡᠶᠢᠭᠡᠮ ᠠᠮᠤᠷ ᠲᠤᠭᠳᠠᠭᠤᠨ ᠡᠶ᠎ᠡ ᠵᠤᠬᠢᠴᠠᠩᠭᠤᠢ ᠪᠦᠭᠡᠳ ᠮᠠᠰᠢ ᠤᠯᠠᠨ | ᠰᠠᠶᠢᠨ ᠰᠠᠶᠢᠬᠠᠨ ᠠᠵᠠ ᠲᠤᠬᠢᠶᠠᠯ ᠲᠠᠭᠠᠷᠠᠯᠳᠤᠵᠤ ᠪᠠᠶᠢᠨ᠎ᠠ᠂ ᠡᠨᠡ ᠪᠤᠯ ᠠᠵᠢᠯ ᠦᠢᠯᠡᠰ ᠪᠦᠲᠦᠭᠡᠵᠤ ᠪᠤᠯᠬᠤ ᠭᠡᠭᠡᠨ | ᠰᠠᠷᠠᠭᠤᠯ ᠢᠷᠡᠭᠡᠳᠦᠢ ᠲᠠᠢ ᠨᠢᠭᠡᠨ ᠭᠠᠵᠠᠷ ᠤᠷᠤᠨ ᠪᠤᠯᠤᠨ᠎ᠠ᠃ ᠬᠤᠸᠠ ᠷᠦᠨ ᠪᠦᠯᠦᠭᠯᠡᠯ ᠳᠠᠪᠠᠭᠤᠯᠢᠭ ᠢᠶᠠᠨ | ᠪᠠᠳᠠᠷᠠᠭᠤᠯᠵᠤ᠂ ᠦᠩᠭᠡᠷᠡᠭᠰᠡᠨ ᠲᠠᠢ ᠪᠠᠨ ᠠᠳᠠᠯᠢ ᠪᠠᠷ ᠦᠪᠦᠷ ᠮᠤᠩᠭᠤᠯ ᠤᠨ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠳᠤ ᠤᠷᠤᠯᠴᠠᠬᠤ ᠪᠦᠭᠡᠳ ᠳᠡᠮᠵᠢᠯᠭᠡ ᠦᠵᠡᠭᠦᠯᠵᠤ᠂ ᠪᠡᠯᠡ ᠤᠷᠤᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠬᠠᠮᠲᠤᠷᠠᠯᠴᠠᠭ᠎ᠠ ᠶᠢᠨ ᠲᠦᠪᠰᠢᠨ ᠢᠶᠠᠨ ᠳᠡᠭᠡᠭᠰᠢᠯᠡᠭᠦᠯᠬᠦ ᠶᠢ ᠬᠦᠰᠡᠵᠤ ᠪᠠᠶᠢᠨ᠎ᠠ᠃ ᠦᠪᠡᠷᠲᠡᠭᠡᠨ | ᠵᠠᠰᠠᠬᠤ ᠤᠷᠤᠨ ᠬᠦᠭᠵᠢᠯᠲᠠ ᠶᠢᠨ ᠤᠷᠴᠢᠨ ᠲᠤᠭᠤᠷᠢᠨ ᠢᠶᠠᠨ ᠴᠢᠷᠮᠠᠶᠢᠨ ᠰᠢᠯᠢᠳᠡᠭᠵᠢᠭᠦᠯᠵᠤ᠂ ᠨᠡᠩ ᠰᠠᠶᠢᠨ | ᠲᠠᠪᠴᠠᠩ ᠢ ᠪᠠᠶᠢᠭᠤᠯᠵᠤ᠂ ᠬᠤᠸᠠ ᠷᠦᠨ ᠪᠦᠯᠦᠭᠯᠡᠯ ᠤᠨ ᠦᠪᠦᠷ ᠮᠤᠩᠭᠤᠯ ᠳᠠᠬᠢ ᠬᠦᠭᠵᠢᠯᠳᠠ ᠶᠢ ᠳᠡᠮᠵᠢᠵᠤ᠂ | ᠬᠠᠷᠢᠯᠴᠠᠨ ᠠᠰᠢᠭᠲᠠᠢ ᠪᠠᠶᠢᠵᠤ ᠬᠠᠮᠲᠦᠪᠡᠷ ᠠᠰᠢᠭ ᠬᠦᠷᠲᠡᠬᠦ ᠶᠢ ᠪᠡᠶᠡᠯᠡᠭᠦᠯᠦᠨ᠎ᠠ ᠭᠡᠵᠠᠢ᠃ | ᠯᠦᠸᠧ ᠰᠢ᠂ ᠪᠢ ᠦᠩᠭᠡᠷᠡᠭᠰᠡᠨ ᠳᠤ ᠤᠯᠠᠨ ᠤᠳᠠᠭ᠎ᠠ ᠦᠪᠦᠷ ᠮᠤᠩᠭᠤᠯ ᠳᠤ ᠢᠷᠡᠵᠤ ᠪᠠᠶᠢᠪᠠ᠂ ᠦᠪᠦᠷ | ᠮᠤᠩᠭᠤᠯ ᠤᠨ ᠦᠢᠷ᠎ᠠ ᠶᠢᠨ ᠵᠢᠯ ᠳᠤ ᠤᠯᠤᠭᠰᠠᠨ ᠬᠦᠭᠵᠢᠯᠲᠠ ᠶᠢᠨ ᠦᠷ᠎ᠠ ᠪᠦᠲᠦᠮᠵᠢ ᠶᠢ ᠦᠵᠡᠭᠡᠳ ᠴᠢᠩ | ᠰᠡᠳᠭᠢᠯ ᠠᠴᠠ ᠪᠠᠨ ᠪᠠᠶᠠᠷᠯᠠᠵᠤ ᠪᠠᠶᠢᠨ᠎ᠠ᠃ ᠬᠤᠸᠠ ᠷᠦᠨ ᠪᠦᠯᠦᠭᠯᠡᠯ ᠦᠪᠦᠷ ᠮᠤᠩᠭᠤᠯ ᠤᠨ ᠵᠠᠬ᠎ᠠ ᠳᠡᠯᠭᠡᠭᠦᠷ ᠢ | ᠲᠦᠢᠯ ᠢᠶᠠᠷ ᠴᠢᠬᠤᠯᠠᠴᠢᠯᠠᠨ ᠦᠵᠡᠵᠤ ᠪᠠᠶᠢᠬᠤ ᠪᠦᠭᠡᠳ ᠢᠲᠡᠭᠡᠯ ᠳᠦᠭᠦᠷᠡᠩ ᠪᠠᠶᠢᠨ᠎ᠠ᠂ ᠴᠠᠬᠢᠯᠭᠠᠨ ᠬᠦᠴᠦ᠂ | ᠰᠢᠳᠠᠮᠠᠬᠠᠢ ᠬᠡᠢ᠂ ᠡᠮ ᠡᠮᠨᠡᠯᠭᠡ᠂ ᠬᠤᠳᠠᠯᠳᠤᠭ᠎ᠠ ᠰᠤᠯᠠ ᠪᠤᠷᠤᠯᠠᠭᠤᠯᠭ᠎ᠠ᠂ ᠫᠢᠸᠣ᠋ ᠠᠷᠢᠬᠢ ᠵᠡᠷᠭᠡ ᠲᠠᠪᠤᠨ ᠲᠦᠷᠦᠯ | ᠵᠦᠢᠯ ᠢᠶᠠᠷ 96 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠵᠠᠢ᠃ ᠳᠠᠷᠠᠭ᠎ᠠ ᠶᠢᠨ | ᠠᠯᠬᠤᠮ ᠳᠤ ᠤᠯᠠᠨ ᠡᠰᠢᠴᠢᠯᠡᠯᠳᠡ ᠶᠢᠨ ᠬᠠᠮᠲᠤᠷᠠᠯᠴᠠᠭ᠎ᠠ ᠶᠢᠨ ᠠᠷᠭ᠎ᠠ ᠬᠡᠯᠪᠡᠷᠢ ᠶᠢ ᠢᠳᠡᠪᠬᠢᠲᠠᠢ ᠰᠦᠪᠡᠭᠴᠢᠯᠡᠵᠤ᠂ | ᠦᠪᠦᠷ ᠮᠤᠩᠭᠤᠯ ᠳᠠᠬᠢ ᠪᠡᠯᠡ ᠤᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠮᠲᠤᠷᠠᠯᠴᠠᠭ᠎ᠠ ᠶᠢᠨ | ᠬᠦᠷᠢᠶ᠎ᠠ ᠬᠡᠪᠴᠢᠶ᠎ᠠ ᠪᠠᠨ | ᠦᠷᠭᠡᠳᠭᠡᠵᠤ᠂ ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠬᠦᠭᠵᠢᠯᠲᠠ ᠳᠤ ᠨᠡᠩ ᠶᠡᠭᠡ ᠬᠤᠪᠢ ᠨᠡᠮᠡᠷᠢ | ᠦᠵᠡᠭᠦᠯᠦᠨ᠎ᠠ ᠭᠡᠵᠤ ᠢᠯᠡᠳᠭᠡᠵᠠᠢ᠃ |