ᠤᠢᠢᠷ᠎ᠠ ᠶᠢᠨ ᠵᠢᠯ ᠤᠳ ᠲᠤ᠂ ᠦᠬᠠᠶ ᠬᠤᠳᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | ᠨᠢ ᠬᠢᠴᠢᠶᠡᠯ ᠤᠨ ᠥᠭᠡᠷᠡᠴᠢᠯᠡᠯᠲᠡ ᠪᠠᠷ ᠬᠥᠲᠥᠯᠥᠮᠵᠢ ᠪᠣᠯᠭᠠᠵᠤ᠂ ︽ᠰᠤᠷᠭᠠᠭᠤᠯᠢ ᠡᠷᠬᠢᠯᠡᠬᠦ ᠪᠠᠶᠢᠭᠤᠯᠤᠯ ᠢ ᠤᠶᠠᠨ | ᠬᠠᠲᠤᠨ ᠪᠥᠭᠡᠳ ᠤᠯᠠᠨ ᠶᠠᠩᠵᠤᠴᠢᠯᠠᠬᠤ᠂ ᠴᠢᠳᠠᠪᠤᠷᠢᠲᠠᠨ ᠬᠥᠮᠦᠵᠢᠭᠦᠯᠬᠦ ᠬᠡᠪ ᠵᠠᠭᠪᠤᠷ ᠢ ᠣᠯᠠᠨ ᠡᠰᠢᠴᠢᠯᠡᠬᠦ᠂ | ᠬᠢᠴᠢᠶᠡᠯ ᠤᠨ ᠪᠠᠶᠢᠭᠤᠯᠤᠯᠲᠠ ᠶᠢ ᠢᠯᠡ ᠲᠣᠳᠣ ᠣᠨᠴᠠᠯᠢᠭ ᠲᠠᠢ︾ ᠪᠠᠶᠢᠯᠭᠠᠬᠤ ᠪᠠᠷ ᠬᠠᠷᠠᠯᠲᠠ ᠪᠣᠯᠭᠠᠬᠤ ᠶᠢ | ᠪᠠᠷᠢᠮᠲᠠᠯᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠢᠨᠠᠷ ᠰᠠᠶᠢᠲᠠᠶ ᠤᠯᠠᠨ ᠶᠠᠩᠵᠤᠴᠢᠯᠠᠭᠰᠠᠨ᠂ | ᠣᠨᠴᠠᠯᠢᠭᠵᠢᠭᠰᠠᠨ ᠬᠥᠭᠵᠢᠯᠲᠡ ᠶᠢᠨ ᠬᠢᠴᠢᠶᠡᠯ ᠲᠥᠷᠥᠯ ᠨᠡᠭᠡᠭᠡᠨ ᠬᠥᠭᠵᠢᠭᠦᠯᠬᠦ ᠲᠣᠭᠲᠠᠴᠠ᠂ ᠰᠤᠷᠭᠠᠭᠤᠯᠢ ᠶᠢᠨ | ᠬᠠᠮᠢᠶᠠᠷᠤᠯᠲᠠ ᠶᠢᠨ ᠲᠣᠭᠲᠠᠴᠠ ᠪᠣᠯᠤᠨ ᠰᠤᠷᠤᠭᠴᠢᠳ ᠢ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠰᠤᠷᠭᠠᠭᠤᠯᠢ ᠶᠢᠨ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢᠯᠠᠬᠤ᠂ ᠪᠠᠭᠰᠢ ᠶᠢᠨ ᠡᠩᠨᠡᠭᠡ ᠶᠢ ᠲᠤᠰᠬᠠᠶᠢᠵᠢᠭᠤᠯᠬᠤ᠂ | ᠰᠤᠷᠭᠠᠨ ᠬᠥᠮᠦᠵᠢᠯ ᠤᠨ ᠬᠥᠭᠵᠢᠯᠲᠡ ᠶᠢ ᠠᠭᠤᠯᠬᠠᠳᠠᠬᠤᠨᠴᠢᠯᠠᠬᠤ ᠪᠠ ᠰᠤᠷᠭᠠᠭᠤᠯᠢ ᠡᠷᠬᠢᠯᠡᠬᠦ ᠴᠢᠨᠠᠷ ᠢ | ᠤᠨᠴᠠᠯᠢᠬᠵᠢᠭᠤᠯᠬᠤ ᠪᠠᠷ ᠭᠤᠣᠯ ᠪᠣᠯᠭᠠᠭᠰᠠᠨ ᠬᠠᠷᠠᠯᠲᠠᠲᠤ ᠰᠢᠰᠲ᠋ᠧᠮᠵᠢ ᠶᠢ ᠪᠠᠶᠢᠭᠤᠯᠬᠤ ᠪᠠᠷ ᠳᠠᠮᠵᠢᠨ᠂ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠪᠠᠨ ᠳᠠᠭᠠᠭᠠᠵᠤ ᠬᠥᠭᠵᠢᠬᠦ᠂ ᠴᠢᠨᠠᠷᠵᠢᠭᠤᠨ ᠬᠥᠭᠵᠢᠬᠦ᠂ | ᠣᠨᠴᠠᠯᠢᠭᠵᠢᠨ ᠬᠥᠭᠵᠢᠬᠦ᠂ ᠨᠡᠷᠡᠳᠬᠦᠨ ᠢᠶᠠᠷ ᠬᠥᠭᠵᠢᠬᠦ ᠶᠢ ᠬᠥᠲᠥᠯᠥᠨ ᠵᠢᠯᠣᠭᠤᠳᠴᠤ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠠᠨ ᠶᠠᠩᠵᠤᠴᠢᠯᠠᠭᠰᠠᠨ᠂ ᠣᠨᠴᠠᠯᠢᠭᠵᠢᠭᠰᠠᠨ ᠬᠥᠭᠵᠢᠯᠲᠡ ᠶᠢᠨ ᠰᠢᠨ᠎ᠡ | ᠪᠠᠶᠢᠷᠢᠰᠢᠯ ᠢ ᠪᠣᠢ ᠪᠣᠯᠭᠠᠪᠠ᠃ | ᠨᠢᠭᠡ ᠳᠤ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠡᠯ᠎ᠡ ᠰᠤᠷᠭᠠᠭᠤᠯᠢ ᠨᠢ ︽ | ᠥᠪᠡᠷᠮᠢᠴᠡ ᠵᠥᠷᠢᠶ᠎ᠡ ᠶᠢ ᠠᠩᠬᠠᠷᠴᠤ᠂ ᠬᠠᠮᠲᠤᠪᠠᠷ ᠥᠰᠦᠨ ᠪᠤᠶᠢᠵᠢᠬᠤ ᠶᠢ ᠠᠬᠢᠭᠤᠯᠬᠤ︾ ᠪᠠᠷ ᠬᠠᠷᠠᠯᠲᠠ ᠪᠣᠯᠭᠠᠵᠤ᠂ | ᠰᠤᠷᠭᠠᠭᠤᠯᠢ ᠶᠢᠨ ᠪᠣᠳᠠᠲᠠᠶ ᠪᠠᠶᠢᠳᠠᠯ ᠢ ᠦᠨᠳᠦᠰᠦᠯᠡᠨ ᠰᠤᠷᠤᠭᠴᠢᠳ ᠲᠤ ᠮᠢᠭᠮᠡᠨ᠂ ᠮᠠᠰᠢᠨ ᠬᠥᠮᠦᠨ ᠦᠢᠯᠡᠳᠬᠦ᠂ | ᠶᠣᠰᠣᠯᠠᠯ᠂ ᠮᠣᠩᠭᠤᠯ ᠬᠡᠯᠡ᠂ ᠲᠠᠶᠧᠺᠤᠠᠳᠣ᠋᠂ ᠦᠵᠦᠮ ᠤᠨ ᠠᠷᠢᠬᠢ ᠨᠡᠷᠡᠬᠦ ᠵᠡᠷᠭᠡ ᠶᠢ ᠪᠠᠭᠲᠠᠭᠠᠭᠰᠠᠨ ᠣᠯᠠᠨ | ᠰᠣᠩᠭᠤᠵᠤ ᠪᠣᠯᠬᠤ ᠬᠢᠴᠢᠶᠡᠯ ᠤᠨ ᠲᠥᠷᠥᠯ ᠬᠠᠩᠭᠠᠵᠤ᠂ ᠵᠠᠷᠢᠮ ᠬᠢᠴᠢᠶᠡᠯ ᠨᠢ ᠨᠢᠳᠬᠡᠯᠰᠢᠬᠦ ᠪᠠᠷ ᠳᠠᠮᠵᠢᠨ | ᠠᠭᠠᠵᠢᠮ ᠢᠶᠠᠷ ᠪᠣᠯᠪᠠᠰᠤᠷᠠᠵᠤ᠂ ᠨᠢᠭᠡᠨᠲᠡ ᠨᠡᠷᠡᠳᠬᠦᠨ ᠬᠢᠴᠢᠶᠡᠯ ᠪᠣᠯᠤᠭᠰᠠᠨ ᠪᠠᠶᠢᠨ᠎ᠠ᠃ ᠬᠤᠶᠠᠷ ᠲᠤ ᠬᠢᠴᠢᠶᠡᠯ ᠤᠨ | ᠲᠢᠩᠬᠢᠮ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠪᠠ᠃ ᠪᠠᠭᠰᠢ ᠶᠢᠨ ᠦᠵᠡᠯᠲᠡ ᠶᠢ ᠬᠤᠪᠢᠷᠠᠭᠤᠯᠬᠤ᠂ | ᠬᠢᠴᠢᠶᠡᠯ ᠤᠨ ᠲᠢᠩᠬᠢᠮ ᠤᠨ ᠵᠢᠭᠠᠨ ᠰᠤᠷᠭᠠᠬᠤ ᠬᠡᠪ ᠵᠠᠭᠪᠤᠷ ᠪᠠ ᠰᠤᠷᠤᠭᠴᠢᠳ ᠤᠨ ᠰᠤᠷᠤᠯᠴᠠᠬᠤ ᠠᠷᠭ᠎ᠠ ᠮᠠᠶ᠋ᠢᠭ ᠢ | ᠥᠭᠡᠷᠡᠴᠢᠯᠡᠬᠦ ᠪᠠᠷ ᠭᠤᠣᠯᠳᠠᠯᠭ᠎ᠠ ᠪᠣᠯᠭᠠᠵᠤ᠂ ᠬᠢᠴᠢᠶᠡᠯ ᠤᠨ ᠲᠥᠷᠥᠯ ᠤᠨ ᠥᠭᠡᠷᠡᠴᠢᠯᠡᠯᠲᠡ ᠶᠢᠨ ᠲᠤᠷᠰᠢᠯᠲᠠ ᠪᠠ | ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠨ᠎ᠡ ᠰᠢᠯᠭᠠᠯᠲᠠ ᠶᠢᠨ ᠰᠤᠳᠤᠯᠤᠯ ᠢ ᠭᠦᠨᠵᠡᠭᠡᠶ ᠥᠷᠨᠢᠭᠦᠯᠪᠡ᠃ | ᠭᠤᠷᠪᠠ ᠳᠤ ᠦᠨᠡᠯᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠪᠠ᠃ ᠬᠢᠴᠢᠶᠡᠯ ᠤᠨ | ᠲᠢᠩᠬᠢᠮ ᠤᠨ ᠥᠭᠡᠷᠡᠴᠢᠯᠡᠯᠲᠡ ᠶᠢ ᠳᠠᠭᠠᠯᠳᠤᠭᠤᠯᠤᠨ᠂ ᠡᠯ᠎ᠡ ᠰᠤᠷᠭᠠᠭᠤᠯᠢ ᠨᠤᠭᠤᠳ ᠰᠤᠷᠤᠭᠴᠢᠳ ᠢ ᠦᠨᠡᠯᠡᠬᠦ | ᠲᠣᠭᠲᠠᠴᠠ ᠶᠢᠨ ᠥᠭᠡᠷᠡᠴᠢᠯᠡᠯᠲᠡ ᠶᠢᠨ ᠲᠤᠷᠰᠢᠯᠲᠠ ᠬᠢᠪᠡ᠃ |