ᠤᠯᠠᠭᠠᠨᠬᠠᠳᠠ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2016/9/22
     ᠤᠯᠠᠭᠠᠨᠬᠠᠳᠠ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠠᠷᠠᠳ ᠲᠦᠮᠡᠨ ᠤ ᠲᠠᠭᠠᠰᠢᠶᠠᠯ ᠤᠨ ᠬᠡᠮᠵᠢᠶ᠎ᠡ ᠪᠠ ᠬᠦᠷᠲᠡᠭᠡᠯ ᠤᠨ ᠲᠥᠷᠥᠭᠳᠡᠯ ᠢ ᠪᠣᠳᠣᠯᠬᠢᠯᠠᠨ ᠲᠣᠬᠢᠷᠠᠭᠤᠯᠬᠤ ᠲᠠᠢ ᠨᠢᠭᠲᠠ ᠤᠶᠠᠯᠳᠤᠭᠤᠯᠤᠨ᠂ ᠰᠢᠨ᠎ᠡ ᠶᠢ ᠡᠭᠦᠳᠡᠨ ᠬᠥᠭᠵᠢᠭᠦᠯᠬᠦ ᠶᠢ ᠬᠠᠷᠰᠢᠯᠠᠵᠤ ᠪᠠᠶᠢᠭ᠎ᠠ ᠰᠠᠭᠠᠳ ᠬᠠᠷᠰᠢ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠶᠢ ᠨᠥᠯᠥᠭᠡᠯᠡᠵᠦ ᠪᠠᠶᠢᠭ᠎ᠠ ᠡᠪᠡᠷᠰᠢᠶᠡᠯ ᠪᠠ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠯᠠᠶ ᠶᠢ ᠬᠦᠴᠦ ᠲᠠᠯᠪᠢᠨ ᠴᠡᠪᠡᠷᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠎ ᠢ ᠦᠷᠭᠦᠯᠵᠢᠯᠡᠨ ᠰᠠᠶᠢᠵᠢᠷᠠᠭᠤᠯᠬᠤ ᠶᠢ ᠪᠠᠲᠤᠯᠠᠪᠠ᠃      ᠲᠤᠰ ᠲᠣᠪᠴᠢᠶ᠎ᠠ 6 ᠶᠡᠭᠡ ᠲᠥᠷᠥᠯ ᠤᠨ 61 ᠵᠦᠢᠯ ᠤᠨ ᠭᠤᠣᠯᠳᠠᠯᠭ᠎ᠠ ᠲᠠᠢ ᠠᠵᠢᠯ ᠢ ᠬᠠᠷᠢᠭᠤᠴᠠᠯᠭ᠎ᠠ ᠪᠦᠬᠦᠢ ᠤᠳᠤᠷᠢᠳᠤᠯᠭ᠎ᠠ᠂ ᠬᠠᠷᠢᠭᠤᠴᠠᠯᠭ᠎ᠠ ᠪᠦᠬᠦᠢ ᠰᠠᠯᠠᠭ᠎ᠠ ᠲᠡᠰᠤᠬ ᠪᠣᠯᠤᠨ ᠨᠢᠭᠡᠴᠡ ᠳᠤ ᠬᠦᠷᠲᠡᠯ᠎ᠡ ᠵᠠᠳᠠᠯᠤᠨ ᠰᠠᠯᠭᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠠᠢ᠃ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠲᠠᠯᠳᠠ ᠭᠡᠮ ᠪᠣᠯᠤᠨ ᠲᠤᠪᠤᠶᠢᠮ᠎ᠠ ᠠᠰᠠᠭᠤᠳᠠᠯ ᠤᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠣᠷᠴᠢᠨ ᠲᠣᠭᠤᠷᠢᠨ ᠤ ᠲᠦᠭᠰᠢᠭᠦᠷᠢ ᠶᠢᠨ ᠳᠠᠯᠳᠠ ᠭᠡᠮ ᠪᠣᠯᠤᠨ ᠠᠰᠠᠭᠤᠳᠠᠯ ᠳᠤ ᠭᠤᠷᠪᠠᠨ ᠱᠠᠲᠤᠨ ᠤ ᠬᠠᠮᠢᠶᠠᠷᠤᠯᠲᠠ ᠡᠵᠡᠮᠳᠡᠯ ᠢ ᠬᠡᠷᠡᠭᠵᠢᠭᠦᠯᠵᠦ᠂ ᠪᠦᠬᠦ ᠬᠤᠲᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠳᠤ ᠣᠷᠣᠭᠤᠯᠤᠭᠰᠠᠨ 382 ᠠᠰᠠᠭᠤᠳᠠᠯ ᠤᠨ 360᠎ ᠶᠢ ᠨᠢ ᠴᠡᠭᠴᠡᠯᠡᠨ ᠥᠭᠡᠷᠡᠴᠢᠯᠡᠭᠰᠡᠨ ᠪᠠ ᠨᠤᠮᠧᠷ ᠢ ᠨᠢ ᠬᠠᠰᠤᠵᠤ᠂ ᠴᠡᠭᠴᠡᠯᠡᠨ ᠥᠭᠡᠷᠡᠴᠢᠯᠡᠭᠰᠡᠨ ᠪᠡᠶᠡᠯᠡᠯᠲᠡ ᠶᠢᠨ ᠨᠣᠷᠮ᠎ᠠ ᠨᠢ 94.2% ᠪᠣᠯᠪᠠ᠃ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠠᠮᠲᠤ ᠪᠠᠷ ᠲᠣᠭᠲᠠᠭᠠᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠵᠤ ᠨᠤᠲᠠᠯᠠᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠭᠠᠷ ᠬᠢᠨᠠᠨ ᠪᠠᠶᠢᠴᠠᠭᠠᠬᠤ ᠶᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠠᠤᠯᠢ ᠪᠠᠷ ᠲᠣᠭᠲᠠᠭᠠᠭᠰᠠᠨ ᠵᠢᠷᠤᠮᠯᠠᠯ ᠳᠤ ᠦᠨᠡᠨ ᠬᠦ ᠣᠷᠣᠭᠤᠯᠵᠤ᠂ ᠰᠢᠢᠳᠪᠦᠷᠢᠲᠦ ᠪᠤᠳᠤᠯᠭ᠎ᠠ ᠶᠢ ᠬᠠᠤᠯᠢ ᠳᠦᠷᠢᠮᠵᠢᠭᠦᠯᠬᠦ ᠪᠠᠷ ᠳᠠᠮᠵᠢᠭᠤᠯᠤᠨ ᠣᠷᠴᠢᠨ ᠲᠣᠭᠤᠷᠢᠨ ᠢ ᠵᠠᠰᠠᠬᠤ ᠶᠢ ᠳᠦᠷᠢᠮᠵᠢᠭᠦᠯᠬᠦ ᠶᠢ ᠪᠠᠲᠤᠯᠠᠪᠠ᠃ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠶ ᠪᠠᠷ ᠲᠤᠰᠬᠠᠯ ᠭᠠᠷᠭᠠᠵᠤ᠂ ︽ᠬᠠᠷ᠎ᠠ ᠲᠠᠩᠰᠠ︾᠎ ᠶᠢᠨ ᠬᠠᠮᠢᠶᠠᠷᠤᠯᠲᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠲᠠᠯ᠎ᠠ ᠪᠠᠷ ᠬᠠᠤᠯᠢ ᠠᠴᠠ ᠵᠥᠷᠢᠴᠡᠭᠰᠡᠨ ᠢ ᠢᠯᠡᠴᠢᠯᠡᠬᠦ ᠬᠤᠳᠠ ᠶᠢᠨ ᠱᠠᠲᠤᠨ ᠤ ᠲᠠᠪᠴᠠᠩ ᠪᠠᠶᠢᠭᠤᠯᠵᠤ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ 17 ᠨᠡᠶᠢᠲᠡᠯᠢᠭ ᠬᠡᠷᠡᠭ ᠢ ᠨᠡᠶᠢᠲᠡᠯᠡᠵᠦ᠂ ᠣᠷᠴᠢᠨ ᠲᠣᠭᠤᠷᠢᠨ ᠤ ᠬᠠᠤᠯᠢ ᠶᠢ ᠰᠠᠬᠢᠬᠤ ᠶᠢ ᠬᠡᠪ ᠤᠨ ᠪᠠᠶᠢᠳᠠᠯ ᠲᠠᠢ ᠪᠣᠯᠭᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号