ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠳᠠᠷ ᠬᠠᠭᠠᠯᠪᠤᠷᠢᠯᠠᠯᠳᠠ ᠶᠢᠨ ᠦᠭᠡᠷᠡᠴᠢᠯᠡᠯᠳᠡ ᠬᠦᠭᠵᠢᠯᠳᠡ ᠪᠠ ᠰᠢᠨ᠎ᠠ ᠨᠢᠭᠡ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠪᠠ ᠱᠠᠩᠨᠠᠯ ᠤᠨ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠭᠤᠯᠪᠠ    ᠸᠠᠩ ᠢᠦᠢ ᠮᠢᠩ ᠬᠤᠷᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2016/9/23
      9 ᠳ᠋ᠤᠭᠡᠷ ᠰᠠᠷ᠎ᠠ ᠶᠢᠨ 22᠎ ᠤᠨ ᠡᠳᠦᠷ᠂ ᠪᠦᠬᠦ ᠤᠷᠤᠨ ᠤ ᠠᠳᠠᠷ ᠬᠠᠭᠠᠯᠪᠤᠷᠢᠯᠠᠯᠳᠠ ᠶᠢᠨ ᠦᠭᠡᠷᠡᠴᠢᠯᠡᠯᠳᠡ ᠬᠦᠭᠵᠢᠯᠳᠡ ᠪᠠ ᠰᠢᠨ᠎ᠠ ᠨᠢᠭᠡ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠪᠠ ᠱᠠᠩᠨᠠᠯ ᠤᠨ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠵᠤ᠂ ᠤᠯᠤᠰ ᠤᠨ ᠠᠳᠠᠷ ᠬᠠᠭᠠᠯᠪᠤᠷᠢᠯᠠᠯᠳᠠ ᠶᠢᠨ ᠦᠭᠡᠷᠡᠴᠢᠯᠡᠯᠳᠡ ᠬᠦᠭᠵᠢᠯᠳᠡ ᠪᠠ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠵᠤᠷᠢᠭ ᠰᠠᠨᠠᠭ᠎ᠠ ᠶᠢ ᠲᠠᠮᠵᠢᠭᠤᠯᠬᠤ ᠶᠢᠨ ᠬᠠᠮᠳᠤ ᠮᠠᠨ ᠤ ᠤᠷᠤᠨ ᠤ ᠡᠨᠡ ᠬᠤᠶᠠᠷ ᠲᠠᠯ᠎ᠠ ᠶᠢᠨ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠵᠠᠢ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠢᠤᠢ ᠮᠢᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠳᠠᠷ ᠬᠠᠭᠠᠯᠪᠤᠷᠢᠯᠠᠯᠳᠠ ᠪᠤᠯ ᠤᠨᠴᠠ ᠲᠡᠦᠭᠡᠨ ᠨᠦᠭᠦᠴᠡᠯ ᠲᠤᠤᠷ᠎ᠠ ᠪᠠᠶᠢᠭᠤᠯᠤᠭᠳᠠᠭᠰᠠᠨ ᠶᠤᠮ᠂ ᠤᠯᠠᠨ ᠵᠢᠯ ᠤᠨ ᠲᠤᠷᠰᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ᠂ ᠤᠯᠤᠰ ᠤᠨ ᠪᠦᠳᠦᠭᠡᠨ ᠪᠠᠶᠢᠭᠤᠯᠤᠯᠳᠠ ᠶᠢ ᠲᠡᠮᠵᠢᠬᠦ᠂ ᠬᠢᠯᠢ ᠬᠢᠵᠠᠭᠠᠷ ᠤᠨ ᠲᠤᠭᠳᠠᠭᠤᠨ ᠢ ᠪᠠᠳᠤᠯᠠᠬᠤ ᠲᠠᠯ᠎ᠠ ᠪᠠᠷ ᠢᠳᠡᠪᠬᠢᠳᠡᠢ ᠬᠤᠪᠢ ᠨᠡᠮᠡᠷᠢ ᠦᠵᠡᠭᠦᠯᠵᠡᠢ᠃ ᠭᠡᠳᠡᠯ᠎ᠠ ᠰᠢᠨ᠎ᠠ ᠬᠦᠭᠵᠢᠯᠳᠡ ᠶᠢᠨ ᠴᠠᠭ ᠬᠤᠭᠤᠴᠠᠭᠠᠨ ᠎ ᠳᠤ᠂ ᠬᠠᠮᠢᠶᠠᠷᠤᠯᠳᠠ ᠶᠢᠨ ᠪᠠᠶᠢᠭᠤᠯᠤᠮᠵᠢ ᠪᠠ ᠡᠵᠡᠩᠨᠡᠯᠳᠡ ᠶᠢᠨ ᠲᠤᠭᠳᠠᠴᠠ ᠨᠢ ᠨᠢᠭᠡᠨᠳᠡ ᠵᠠᠬ᠎ᠠ ᠲᠡᠯᠭᠡᠭᠦᠷ ᠤᠨ ᠠᠵᠤ ᠠᠬᠤᠢ ᠶᠢᠨ ᠬᠦᠭᠵᠢᠯᠳᠡ ᠲᠠᠢ ᠲᠤᠬᠢᠷᠠᠯᠴᠠᠬᠤ ᠦᠭᠡᠢ ᠪᠤᠯᠵᠠᠢ᠃ ᠠᠳᠠᠷ ᠬᠠᠭᠠᠯᠪᠤᠷᠢᠯᠠᠯᠳᠠ ᠶᠢᠨ ᠦᠭᠡᠷᠡᠴᠢᠯᠡᠯᠳᠡ ᠨᠢ ᠤᠯᠤᠰ ᠤᠨ ᠦᠮᠴᠢᠯᠠᠯ ᠤᠨ ᠰᠢᠨᠵᠢ ᠴᠢᠨᠠᠷ ᠢᠶᠠᠨ ᠬᠡᠵᠢᠶᠡᠳᠡ ᠪᠠᠷᠢᠮᠳᠠᠯᠠᠵᠤ᠂ ᠤᠯᠤᠰ ᠤᠨ ᠦᠮᠴᠢᠯᠡᠯᠳᠦ ᠠᠵᠤ ᠠᠬᠤᠢᠢᠯᠠᠯ ᠤᠨ ᠢᠯᠡᠷᠡᠭᠦᠯᠬᠦ ᠬᠡᠯᠪᠡᠷᠢ ᠶᠢ ᠲᠡᠭᠦᠯᠳᠡᠷᠵᠢᠭᠦᠯᠬᠦ ᠬᠡᠷᠡᠭᠳᠡᠢ᠃ ᠦᠭᠡᠷᠡᠴᠢᠯᠡᠯᠳᠡ ᠶᠢᠨ ᠭᠤᠤᠯᠳᠠᠯᠭ᠎ᠠ ᠲᠠᠢ ᠡᠭᠦᠷᠭᠡ ᠶᠢ ᠵᠦᠪ ᠤᠨᠤᠪᠴᠢᠳᠠᠢ ᠡᠵᠡᠮᠰᠢᠵᠤ᠂ ᠠᠳᠠᠷ ᠬᠠᠭᠠᠯᠪᠤᠷᠢᠯᠠᠯᠳᠠ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠪᠠ ᠡᠵᠡᠩᠨᠡᠯᠳᠡ ᠶᠢᠨ ᠲᠤᠭᠳᠠᠴᠠ ᠶᠢᠨ ᠰᠢᠨ᠎ᠠ ᠶᠢ ᠡᠭᠦᠳᠴᠦ᠂ ᠡᠬᠢ ᠪᠠᠶᠠᠯᠢᠭ ᠤᠨ ᠡᠯᠧᠮᠧᠨ᠋ᠲ ᠤᠨ ᠲᠤᠬᠢᠷᠠᠭᠤᠯᠤᠯᠳᠠ ᠪᠠ ᠬᠡᠷᠡᠭᠯᠡᠭᠡᠨ ᠤ ᠠᠰᠢᠠᠠᠯᠠᠮᠵᠢ ᠶᠢ ᠰᠢᠯᠢᠳᠡᠭᠵᠢᠭᠦᠯᠦᠨ᠂ ᠠᠳᠠᠷ ᠬᠠᠭᠠᠯᠪᠤᠷᠢᠯᠠᠯᠳᠠ ᠶᠢᠨ ᠤᠳᠤ ᠦᠶ᠎ᠠ ᠶᠢᠨ ᠮᠠᠯ ᠠᠵᠤ ᠠᠬᠤᠢ ᠲᠠᠷᠢᠶᠠᠯᠠᠩ ᠤᠨ ᠬᠡᠯᠪᠡᠷᠢ ᠪᠠᠨ ᠬᠤᠪᠢᠷᠠᠭᠤᠯᠤᠨ ᠲᠡᠰ ᠲᠠᠪᠰᠢᠭᠦᠯᠬᠦ ᠲᠡᠰᠢ ᠰᠢᠯᠵᠢᠬᠦ ᠶᠢ ᠲᠦᠷᠭᠡᠳᠬᠡᠨ ᠠᠬᠢᠭᠤᠯᠬᠤ ᠬᠡᠷᠡᠭᠳᠡᠢ ᠭᠡᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠮᠠᠨ ᠤ ᠤᠷᠤᠨ ᠤ ᠠᠳᠠᠷ ᠬᠠᠭᠠᠯᠪᠤᠷᠢᠯᠠᠯᠳᠠ ᠶᠢᠨ ᠦᠭᠡᠷᠡᠴᠢᠯᠡᠯᠳᠡ ᠪᠦᠬᠦ ᠲᠠᠯ᠎ᠠ ᠪᠠᠷ ᠠᠬᠢᠭᠤᠯᠬᠤ ᠱᠠᠳᠤᠨ ᠳᠤ ᠤᠷᠤᠵᠠᠢ᠂ ᠡᠯ᠎ᠠ ᠭᠠᠵᠠᠷ ᠤᠷᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠲᠡᠭᠡᠳᠦ ᠬᠡᠮᠵᠢᠶ᠎ᠠ ᠪᠠᠷ ᠬᠦᠨᠳᠦᠳᠭᠡᠵᠦ᠂ ᠦᠪᠡᠷᠳᠡᠭᠡᠨ ᠵᠠᠰᠠᠬᠤ ᠤᠷᠤᠨ ᠤ ᠲᠤᠬᠢᠷᠠᠭᠤᠯᠤᠯᠳᠠ ᠪᠠᠶᠢᠷᠢᠰᠢᠭᠤᠯᠤᠯᠳᠠ ᠶᠤᠰᠤᠭᠠᠷ᠂ ᠬᠠᠷᠢᠭᠤᠴᠠᠯᠭ᠎ᠠ ᠪᠠᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠲᠡᠮᠵᠢᠯᠭᠡ ᠶᠢ ᠴᠢᠩᠭᠠᠳᠬᠠᠨ᠂ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ᠃ ᠵᠠᠰᠠᠭ ᠤᠨ ᠤᠷᠳᠤᠨ ᠤ ᠰᠢᠮᠳᠠᠭᠤᠯᠤᠨ ᠪᠠᠶᠢᠴᠠᠭᠠᠬᠤ ᠰᠠᠯᠠᠭ᠎ᠠ ᠮᠦᠴᠢᠷ ᠤᠨ ᠬᠢᠨ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠠ ᠭᠠᠵᠠᠷ ᠤᠨ ᠠᠬᠢᠴᠠ ᠶᠢᠨ ᠪᠠᠶᠢᠳᠠᠯ ᠤᠨ ᠲᠤᠬᠠᠢ ᠲᠤᠭᠳᠠᠭᠰᠠᠨ ᠬᠤᠭᠤᠴᠠᠭ᠎ᠠ ᠲᠠᠢ ᠮᠡᠳᠡᠭᠳᠡᠬᠦ ᠬᠡᠷᠡᠭᠳᠡᠢ ᠭᠡᠪᠡ᠃      ᠰᠢᠨ᠎ᠠ ᠨᠢᠭᠡ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠠᠵᠢᠯ ᠤᠨ ᠬᠤᠷᠠᠯ ᠠᠴᠠ᠂ ᠡᠩ ᠲᠦᠷᠦᠭᠦᠨ ᠳᠤ ᠲᠤᠰ ᠲᠦᠷᠦ ᠶᠢᠨ ᠪᠤᠳᠤᠯᠭ᠎ᠠ ᠶᠢᠨ ᠪᠠᠳᠠᠷᠠᠭᠤᠯᠤᠭᠰᠠᠨ ᠴᠢᠬᠤᠯᠠ ᠦᠢᠯᠡᠳᠦᠯ ᠢ ᠲᠠᠨᠢᠬᠤ ᠬᠡᠷᠡᠭᠳᠡᠢ᠃ ᠮᠠᠨ ᠤ ᠤᠷᠤᠨ 2011 ᠤᠨ ᠠᠴᠠ ᠡᠬᠢᠯᠡᠨ ᠤᠯᠤᠰ ᠤᠨ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ 5 ᠵᠢᠯ ᠳᠤ ᠨᠡᠶᠢᠳᠡ 300.6 ᠳ᠋ᠦᠩᠰᠢᠭᠤᠷ ᠲᠦᠭᠦᠷᠢᠭ ᠪᠡᠯᠡ ᠤᠷᠤᠭᠤᠯᠵᠤ᠂ ᠪᠦᠬᠦ ᠤᠷᠤᠨ ᠤ 10.2 ᠳ᠋ᠦᠩᠰᠢᠭᠤᠷ ᠮᠦ ᠨᠤᠳᠤᠭ ᠪᠡᠯᠴᠢᠭᠡᠷ ᠪᠠ 146 ᠲᠦᠮᠡᠨ ᠡᠷᠦᠭᠡ ᠮᠠᠯᠴᠢᠨ ᠲᠠᠷᠢᠶᠠᠴᠢᠨ ᠠᠰᠢᠭ ᠬᠦᠷᠳᠡᠵᠦ᠂ ᠮᠠᠯᠵᠢᠬᠤ ᠤᠷᠤᠨ ᠤ ᠠᠮᠢ ᠠᠬᠤᠢ᠂ ᠮᠠᠯ ᠠᠵᠤ ᠠᠬᠤᠢ ᠶᠢᠨ ᠦᠢᠯᠡᠳᠪᠦᠷᠢᠯᠡᠯ ᠪᠠ ᠮᠠᠯᠴᠢᠳ ᠤᠨ ᠠᠮᠢᠳᠤᠷᠠᠯ ᠢᠯᠡᠷᠭᠡᠢ ᠰᠠᠶᠢᠵᠢᠷᠠᠪᠠ︔ ᠲᠠᠷᠠᠭ᠎ᠠ ᠨᠢ ᠤᠯᠤᠰ ᠤᠨ ᠰᠢᠨ᠎ᠠ ᠨᠢᠭᠡ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠰᠢᠨ᠎ᠠ ᠬᠤᠪᠢᠷᠠᠯᠳᠠ ᠶᠢ ᠤᠢᠢᠯᠠᠭᠠᠬᠤ ᠴᠢᠬᠤᠯᠠᠳᠠᠢ᠃ ᠪᠡᠯᠴᠢᠭᠡᠷᠯᠡᠭᠦᠯᠬᠦ ᠶᠢ ᠵᠤᠭᠰᠤᠭᠠᠬᠤ ᠨᠦᠬᠦᠪᠦᠷᠢ ᠶᠢᠨ ᠪᠠᠷᠢᠮᠵᠢᠶ᠎ᠠ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠱᠠᠩᠨᠠᠯ ᠤᠨ ᠪᠠᠷᠢᠮᠵᠢᠶ᠎ᠠ ᠲᠤᠰᠪᠤᠷᠢ ᠤᠤᠯ ᠤᠨ ᠬᠢ ᠠᠴᠠ ᠪᠠᠨ ᠲᠠᠭᠡᠭᠰᠢᠯᠡᠭᠰᠡᠨ ᠪᠠᠶᠢᠨ᠎ᠠ︔ ᠭᠤᠳᠠᠭᠠᠷ ᠲᠤ᠂ ᠬᠠᠷᠠᠯᠳᠠ ᠶᠢᠨ ᠲᠤᠭᠤᠷᠢᠨ ᠳᠤ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠡᠢ᠃ ᠨᠤᠳᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠪᠠ ᠱᠠᠩᠨᠠᠯ ᠤᠨ ᠭᠤᠤᠯ ᠬᠠᠷᠠᠯᠳᠠ ᠪᠤᠯ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠶᠠᠪᠤᠳᠠᠯ ᠪᠤᠯᠤᠨ᠎ᠠ ᠭᠡᠵᠤ ᠵᠢᠭᠠᠵᠤ ᠭᠠᠷᠭᠠᠵᠠᠢ᠃      ᠬᠤᠷᠠᠯ ᠠᠴᠠ᠂ ᠠᠳᠠᠷ ᠬᠠᠭᠠᠯᠪᠤᠷᠢᠯᠠᠯᠳᠠ ᠶᠢᠨ ᠦᠭᠡᠷᠡᠴᠢᠯᠡᠯᠳᠡ ᠬᠦᠭᠵᠢᠯᠳᠡ ᠶᠢ ᠠᠬᠢᠭᠤᠯᠬᠤ ᠪᠠ ᠰᠢᠨ᠎ᠠ ᠨᠢᠭᠡ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠪᠤᠯ ᠤᠳᠤᠬᠠᠨ ᠤ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠲᠤᠮᠳᠠᠬᠢ ᠬᠤᠶᠠᠷ ᠲᠤᠮᠤ ᠶᠠᠪᠤᠳᠠᠯ ᠪᠤᠯᠤᠨ᠎ᠠ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠲᠡᠭᠡᠳᠦ ᠬᠡᠮᠵᠢᠶ᠎ᠠ ᠪᠠᠷ ᠬᠦᠨᠳᠦᠳᠭᠡᠨ᠂ ᠯᠠᠪᠳᠠᠭᠤᠨ ᠪᠠᠳᠤᠳᠠᠢ ᠰᠠᠶᠢᠳᠤᠷ ᠨᠠᠶᠢᠳᠠᠪᠤᠷᠢᠵᠢᠭᠤᠯᠵᠤ᠂ ᠪᠤᠳᠠᠳᠤ ᠦᠷ᠎ᠠ ᠪᠦᠳᠦᠮᠵᠢ ᠭᠠᠷᠭᠠᠵᠤ᠂ ᠮᠠᠯᠵᠢᠬᠤ ᠲᠠᠷᠢᠶᠠᠯᠠᠬᠤ ᠤᠷᠤᠨ ᠤ ᠴᠡᠴᠡᠭᠯᠡᠨ ᠬᠦᠭᠵᠢᠯᠳᠡ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠬᠤᠪᠢ ᠨᠡᠮᠡᠷᠢ ᠦᠵᠡᠬᠦᠯᠬᠦ ᠬᠡᠷᠡᠭᠳᠡᠢ ᠭᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号