9 ᠳ᠋ᠤᠭᠡᠷ ᠰᠠᠷ᠎ᠠ ᠶᠢᠨ 21 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ | ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠤ᠂ ᠥᠪᠥᠷ ᠮᠣᠩᠭᠤᠯ ᠤᠨ ᠳᠠᠯᠠᠨ ᠬᠠᠷ᠎ᠠ ᠠᠭᠤᠯᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠪᠤᠭᠤᠲᠤ ᠳᠠᠬᠢ ᠬᠤᠪᠢᠶᠠᠷᠢ ᠲᠤᠪᠴᠢᠶ᠎ᠠ ᠶᠢᠨ ᠳᠠᠷᠤᠭ᠎ᠠ ᠵᠧᠩ ᠶᠢᠨ ᠴᠧᠨ ︽ | 13 · 5︾ ᠶᠢᠨ ᠬᠤᠭᠤᠴᠠᠭᠠᠨ ᠳᠤ ᠳᠠᠯᠠᠨ ᠬᠠᠷ᠎ᠠ ᠠᠭᠤᠯᠠ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠠ | ᠬᠠᠮᠠᠭᠠᠯᠠᠯᠲᠠ ᠶᠢᠨ ᠬᠠᠷᠠᠯᠲᠠ ᠵᠢᠴᠢ 2016 ᠣᠨ ᠤ ᠭᠤᠣᠯᠳᠠᠯᠭ᠎ᠠ ᠲᠠᠢ ᠡᠭᠦᠷᠭᠡ ᠶᠢᠨ ᠲᠤᠬᠠᠢ ᠰᠣᠨᠢᠨ ᠮᠡᠳᠡᠭᠡ | ᠨᠡᠶᠢᠲᠡᠯᠡᠪᠡ᠃ ︽13 · 5︾ ᠶᠢᠨ ᠬᠤᠭᠤᠴᠠᠭᠠᠨ ᠳᠤ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠡᠯ᠎ᠡ ᠲᠥᠷᠥᠯ ᠤᠨ ᠪᠡᠯᠡ ᠮᠥᠩᠭᠦ ᠶᠢ 100 ᠳ᠋ᠦᠩᠰᠢᠭᠤᠷ ᠲᠥᠭᠦᠷᠢᠭ ᠤᠷᠤᠭᠤᠯᠵᠤ᠂ | ︽ᠭᠠᠯ ᠰᠡᠷᠭᠡᠶᠢᠯᠡᠬᠦ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠠᠭᠤᠷᠬᠠᠶ ᠶᠢ ᠵᠠᠰᠠᠬᠤ᠂ ᠤᠢ ᠮᠣᠳᠣ ᠶᠢ ᠬᠠᠮᠢᠶᠠᠷᠬᠤ︾ | ᠠᠵᠢᠯ ᠤᠨ ᠴᠢᠭᠯᠡᠯᠲᠡ ᠲᠠᠢ ᠤᠶᠠᠯᠳᠤᠭᠤᠯᠤᠨ᠂ ᠬᠠᠮᠢᠶᠠᠷᠤᠯᠲᠠ ᠪᠠᠨ ᠵᠢᠷᠤᠮᠵᠢᠭᠤᠯᠵᠤ᠂ ᠡᠯ᠎ᠡ ᠲᠦᠷᠦᠯ ᠤᠨ | ᠡᠪᠳᠡᠯᠭᠡ ᠬᠢᠬᠦ ᠦᠢᠯᠡ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠬᠤᠷᠢᠭᠯᠠᠨ ᠵᠤᠭᠰᠤᠭᠠᠵᠤ᠂ ᠠᠮᠢ ᠠᠬᠤᠶ ᠶᠢᠨ | ᠵᠢᠭᠤᠯᠴᠢᠯᠠᠯ᠂ ᠠᠮᠢ ᠠᠬᠤᠶ ᠶᠢᠨ ᠠᠷᠠᠳ ᠢ ᠨᠡᠭᠦᠯᠭᠡᠬᠦ᠂ ᠲᠤᠭᠠᠴᠢᠯᠠᠭᠰᠠᠨ ᠬᠠᠮᠠᠭᠠᠯᠠᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠵᠡᠷᠭᠡ ᠢᠨᠵᠧᠨᠧᠷᠢᠩ ᠢ ᠭᠦᠨᠵᠡᠭᠡᠶ ᠥᠷᠨᠢᠭᠦᠯᠵᠦ᠂ ᠠᠮᠢ ᠠᠬᠤᠶ ᠶᠢ ᠶᠡᠬᠡᠪᠡᠷ ᠰᠡᠷᠭᠦᠭᠡᠨ ᠵᠠᠰᠠᠵᠤ᠂ | ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠤᠯᠤᠨ ᠠᠮᠢ ᠠᠬᠤᠶ ᠶᠢᠨ ᠦᠢᠯᠡᠴᠢᠯᠡᠭᠡᠨ ᠤ ᠴᠢᠳᠠᠮᠵᠢ ᠶᠢ | ᠲᠠᠰᠤᠷᠠᠯᠲᠠ ᠦᠭᠡᠶ ᠳᠡᠭᠡᠭᠰᠢᠯᠡᠭᠦᠯᠵᠤ᠂ ᠳᠠᠯᠠᠨ ᠬᠠᠷ᠎ᠠ ᠠᠭᠤᠯᠠ ᠶᠢ ᠤᠯᠤᠰ ᠤᠨ ᠲᠡᠰ ᠤᠨ ᠵᠢᠱᠢᠶ᠎ᠡ ᠦᠵᠡᠭᠦᠯᠬᠦ | ᠬᠠᠮᠠᠭᠠᠯᠠᠯᠲᠠ ᠶᠢᠨ ᠣᠷᠣᠨ ᠪᠤᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ |