ᠯᠢ ᠵᠢᠢ ᠾᠧᠩ ᠬᠦᠬᠡᠬᠤᠳᠠ ᠪᠤᠭᠤᠳᠤ ᠤᠷᠳᠤᠰ ᠭᠤᠷᠪᠡᠨ ᠬᠤᠳᠠ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠵᠤᠬᠢᠴᠠᠩᠭᠤᠢ ᠬᠠᠮᠳᠤᠪᠠᠷ ᠬᠦᠭᠵᠢᠬᠦ ᠶᠢ ᠬᠦᠨᠵᠡᠭᠡᠢ ᠠᠬᠢᠭᠤᠯᠵᠦ ᠪᠦᠬᠦ ᠤᠷᠤᠨ ᠤ ᠬᠦᠭᠵᠢᠯᠳᠠ ᠶᠢᠨ ᠳᠠᠭᠠᠭᠤᠯᠤᠭᠴᠢ ᠪᠤᠯᠬᠤ ᠭᠡᠷᠡᠭᠲᠡᠢ
ᠨᠡᠶᠢᠲᠡᠯᠡᠭᠰᠡᠨ ᠴᠠᠭ᠄
2016/9/26
     9 ᠳ᠋ᠦ᠋ᠭᠡᠷ ᠰᠠᠷ᠎ᠠ ᠶᠢᠨ 23᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠤᠷᠳᠤᠰ ᠬᠤᠳᠠ ᠶᠢᠨ ᠱᠧᠨ ᠬᠤᠸᠠ ᠪᠦᠯᠦᠭᠯᠡᠯ ᠤᠨ ᠪᠦᠯᠢᠶᠡᠨᠳᠠᠯ᠎ᠠ ᠨᠡᠭᠦᠷᠡᠰᠦᠨ ᠠᠭᠤᠷᠬᠠᠢ ᠶᠢᠨ ᠠᠵᠢᠯᠲᠠᠳ ᠢ ᠪᠣᠯᠭᠤᠭᠠᠨ ᠦᠵᠡᠪᠡ᠃      9 ᠳ᠋ᠦ᠋ᠭᠡᠷ ᠰᠠᠷ᠎ᠠ ᠶᠢᠨ 20᠎ ᠤ ᠡᠳᠦᠷ ᠠᠴᠠ 24᠎ ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠬᠦᠬᠡᠬᠤᠳᠠ᠂ ᠪᠤᠭᠤᠳᠤ᠂ ᠤᠷᠳᠤᠰ ᠭᠤᠷᠪᠡᠨ ᠬᠤᠳᠠ ᠳᠤ ᠪᠠᠶᠢᠴᠠᠭᠠᠨ ᠰᠤᠳᠤᠯᠵᠦ᠂ ᠭᠤᠤᠯᠳᠠᠯᠭ᠎ᠠ ᠲᠠᠢ ᠠᠵᠤ ᠦᠢᠯᠡᠰ᠂ ᠭᠤᠤᠯᠳᠠᠯᠭ᠎ᠠ ᠲᠠᠢ ᠠᠵᠤ ᠠᠬᠤᠢᠢᠯᠠᠯ᠂ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠪᠤᠳᠠᠳᠠᠢ ᠭᠠᠵᠠᠷ ᠲᠤᠨᠢ ᠪᠠᠶᠢᠴᠠᠭᠠᠨ ᠦᠵᠡᠵᠦ᠂ ᠲᠤᠰᠬᠤᠨ᠂ ᠨᠡᠶᠢᠭᠡᠮ ᠲᠤᠭᠤᠷᠢᠭ ᠪᠠ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠬᠠᠢ ᠶᠢᠨ ᠲᠠᠯᠠᠪᠠᠢ ᠳᠤ ᠬᠦᠨᠵᠡᠭᠡᠶᠢᠷᠡᠵᠦ᠂ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠪᠠᠶᠢᠳᠠᠯ ᠢ ᠤᠢᠢᠯᠠᠭᠠᠪᠠ᠃ ᠲᠡᠷᠡ᠂ ᠶᠡᠷᠦᠩᠭᠡᠢ ᠱᠦᠵᠢ ᠰᠢ ᠶᠢᠨ ᠫᠢᠩ ᠤᠨ ᠤᠷᠤᠨ ᠪᠦᠰᠡ ᠶᠢᠨ ᠬᠦᠭᠵᠢᠯᠳᠠ ᠶᠢᠨ ᠰᠢᠨ᠎ᠠ ᠣᠨᠣᠯᠵᠢᠬᠤᠨ ᠰᠢᠨ᠎ᠠ ᠰᠡᠳᠬᠢᠴᠡ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠭᠡᠢ ᠲᠤᠤᠱᠯᠠᠭᠤᠯᠵᠦ᠂ ᠬᠦᠬᠡᠬᠤᠳᠠ ᠪᠤᠭᠤᠳᠤ ᠤᠷᠳᠤᠰ ᠡᠩ ᠲᠡᠷᠢᠬᠦᠨ ᠳᠤ ᠬᠦᠭᠵᠢᠬᠦ᠂ ᠵᠤᠬᠢᠴᠠᠭᠤᠯᠤᠨ ᠬᠦᠭᠵᠢᠬᠦ ᠶᠢ ᠬᠦᠨᠵᠡᠭᠡᠢ ᠠᠬᠢᠭᠤᠯᠵᠦ᠂ ᠰᠢᠨ᠎ᠠ ᠬᠦᠳᠡᠯᠭᠡᠬᠦ ᠬᠦᠴᠦ ᠶᠢ ᠪᠤᠶᠢᠵᠢᠭᠤᠯᠵᠦ᠂ ᠰᠢᠨ᠎ᠠ ᠳᠠᠪᠠᠭᠤᠯᠢᠭ ᠢ ᠪᠦᠷᠢᠯᠳᠦᠬᠦᠯᠵᠦ᠂ ᠪᠦᠬᠦ ᠤᠷᠤᠨ ᠤ ᠲᠦᠷᠭᠡᠨ ᠬᠦᠭᠵᠢᠯᠳᠠ ᠶᠢ ᠲᠠᠶᠢᠴᠢᠯᠠᠬᠤ ᠭᠡᠷᠡᠭᠲᠡᠢ ᠭᠡᠵᠦ ᠴᠢᠬᠤᠯᠠᠴᠢᠯᠠᠪᠠ᠃      ᠲᠤᠮᠤ ᠭᠡᠯᠪᠡᠷᠢ ᠶᠢᠨ ᠤᠯᠤᠰ ᠤᠨ ᠦᠮᠴᠢᠯᠡᠯᠳᠤ ᠠᠵᠤ ᠠᠬᠤᠢᠢᠯᠠᠯ ᠪᠤᠯ ᠤᠯᠤᠰ ᠠᠷᠠᠳ ᠤᠨ ᠠᠵᠤ ᠠᠬᠤᠢ ᠎ ᠶᠢᠨ ᠲᠤᠯᠭᠠᠭᠤᠷᠢ ᠮᠦᠨ᠃ ᠯᠢ ᠵᠢᠢ ᠾᠧᠩ ᠤᠷᠢᠳ ᠬᠤᠵᠢᠳ ᠪᠤᠭᠤᠳᠤ ᠶᠢᠨ ᠪᠤᠯᠤᠳ ᠲᠡᠮᠦᠷ ᠤᠨ ᠪᠦᠯᠦᠭᠯᠡᠯ᠂ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ᠂ ᠱᠧᠨ ᠬᠤᠸᠠ ᠪᠦᠯᠦᠭᠯᠡᠯ ᠤᠨ ᠤᠷᠳᠤᠰ ᠤᠨ ᠨᠡᠬᠦᠷᠡᠰᠦ ᠪᠠᠷ ᠲᠤᠰᠤ ᠦᠢᠯᠡᠳᠪᠤᠷᠢᠯᠡᠬᠦ ᠺᠤᠮᠫᠠᠨᠢ ᠳᠤ ᠰᠢᠨᠵᠢᠯᠡᠨ ᠪᠠᠶᠢᠴᠠᠭᠠᠪᠠ᠃ ᠯᠢ ᠵᠢᠢ ᠾᠧᠩ᠂ ᠪᠤᠭᠤᠳᠤ ᠶᠢᠨ ᠪᠤᠯᠤᠳ ᠲᠡᠮᠦᠷ ᠤᠨ ᠪᠦᠯᠦᠭᠯᠡᠯ ᠵᠡᠷᠭᠡ ᠤᠯᠤᠰ ᠤᠨ ᠦᠮᠴᠢᠯᠡᠯᠳᠤ ᠠᠵᠤ ᠠᠬᠤᠢᠢᠯᠠᠯ ᠪᠦᠬᠦᠳᠠ ᠨᠠᠶᠢᠷᠠᠮᠳᠠᠬᠤ ᠤᠯᠤᠰ ᠤᠨ ᠬᠦᠭᠵᠢᠯᠳᠠ ᠎ ᠳᠤ ᠭᠠᠷᠮᠠᠭᠠᠢ ᠵᠢᠳᠬᠦᠯ ᠦᠵᠡᠬᠦᠯᠵᠠᠢ᠂ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠲᠤᠤᠷ᠎ᠠ᠂ ᠤᠯᠤᠰ ᠤᠨ ᠦᠮᠴᠢᠯᠡᠯᠳᠦ ᠠᠵᠤ ᠠᠬᠤᠢ ᠶᠢ ᠡᠷᠡᠰ ᠭᠤᠶᠢᠪᠢᠰᠢ ᠦᠭᠡᠢ ᠪᠠᠷ ᠰᠠᠶᠢᠳᠤᠷ ᠬᠢᠬᠦ ᠭᠡᠷᠡᠭᠲᠡᠢ᠃ ᠠᠵᠤ ᠠᠬᠤᠢᠢᠯᠠᠯ ᠤᠨ ᠬᠢᠨ ᠰᠢᠨ᠎ᠠ ᠶᠢ ᠡᠬᠦᠳᠬᠦ ᠪᠠᠷ ᠬᠦᠳᠡᠯᠭᠡᠬᠦᠷ ᠪᠤᠯᠭᠠᠬᠤ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠶᠡᠭᠡ ᠬᠦᠴᠦ ᠪᠠᠷ ᠭᠡᠷᠡᠭᠵᠢᠬᠦᠯᠵᠦ᠂ ᠮᠡᠷᠭᠡᠵᠢᠯ ᠤᠨ ᠰᠢᠨ᠎ᠠ ᠶᠢ ᠡᠬᠦᠳᠬᠦ᠂ ᠪᠦᠳᠦᠭᠡᠭᠳᠡᠬᠦᠨ ᠤ ᠰᠢᠨ᠎ᠠ ᠶᠢ ᠡᠬᠦᠳᠬᠦ᠂ ᠬᠠᠮᠢᠶᠠᠷᠤᠯᠳᠠ ᠶᠢᠨ ᠰᠢᠨ᠎ᠠ ᠶᠢ ᠡᠬᠦᠳᠬᠦ ᠶᠢ ᠠᠬᠢᠭᠤᠯᠵᠦ᠂ ᠤᠯᠤᠰ ᠤᠨ ᠳᠤᠳᠤᠭᠠᠳᠦ ᠭᠠᠳᠠᠭᠠᠳᠦ ᠶᠢᠨ ᠬᠤᠶᠠᠷ ᠵᠠᠬ᠎ᠠ ᠳᠡᠯᠭᠡᠬᠦᠷ᠂ ᠬᠤᠶᠠᠷ ᠡᠬᠢ ᠪᠠᠶᠠᠯᠢᠭ ᠢ ᠰᠠᠶᠢᠳᠤᠷ ᠠᠰᠢᠬᠯᠠᠨ᠂ ᠲᠦᠮᠡᠨ ᠤᠯᠠᠨ ᠢᠶᠠᠷ ᠢᠶᠠᠨ ᠪᠤᠯᠤᠳ ᠭᠡᠷᠡᠮ ᠢ ᠪᠤᠰᠬᠠᠵᠦ᠂ ᠪᠡᠷᠭᠡ ᠶᠢ ᠳᠠᠪᠠᠨ ᠪᠤᠭᠤᠮᠳᠠ ᠰᠢᠪᠳᠤᠯᠬᠤ ᠭᠡᠷᠡᠭᠲᠡᠢ᠃ ᠡᠯ᠎ᠠ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠢᠨ ᠨᠦᠬᠦᠴᠡᠯ ᠡᠬᠦᠳᠴᠦ᠂ ᠲᠠᠪᠴᠠᠩ ᠪᠠᠶᠢᠭᠤᠯᠵᠦ᠂ ᠠᠵᠤ ᠠᠬᠤᠢᠢᠯᠠᠯ ᠤᠨ ᠬᠤᠷᠤᠭᠳᠠᠯ ᠠᠴᠠ ᠮᠤᠯᠳᠤᠷᠠᠵᠦ ᠬᠦᠴᠢᠷᠳᠠᠯ ᠠᠴᠠ ᠠᠩᠬᠢᠵᠢᠷᠠᠵᠦ᠂ ᠭᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠬᠠᠪᠰᠤᠷᠬᠤ ᠭᠡᠷᠡᠭᠲᠡᠢ ᠭᠡᠵᠦ ᠭᠡᠯᠡᠪᠡ᠃      ᠳᠡᠭᠡᠳᠦ ᠰᠢᠨ᠎ᠠ ᠮᠡᠷᠭᠡᠵᠢᠯ ᠤᠨ ᠠᠵᠤ ᠦᠢᠯᠡᠰ ᠰᠢᠨ᠎ᠠ ᠶᠢ ᠡᠬᠦᠳᠬᠦ ᠬᠦᠭᠵᠢᠯᠳᠠ ᠶᠢ ᠲᠠᠶᠢᠴᠢᠯᠠᠨ᠎ᠠ᠂ ᠯᠢ ᠵᠢᠢ ᠾᠧᠩ ᠵᠦᠩ ᠬᠤᠸᠠᠨ ᠭᠡᠷᠡᠯ ᠴᠡᠨᠡᠭ ᠤᠨ ᠮᠠᠲ᠋ᠧᠷᠢᠶᠠᠯ ᠤᠨ ᠺᠤᠮᠫᠠᠨᠢ ᠶᠢᠨ ᠲᠠᠩ ᠲᠠᠯᠠᠰᠳᠦ ᠴᠠᠬᠢᠭᠤᠷ ᠤᠨ ᠲᠦᠷᠦᠯ ᠵᠦᠢᠯ ᠤᠨ ᠦᠢᠯᠡᠳᠪᠤᠷᠢᠯᠡᠯ ᠤᠨ ᠭᠠᠵᠠᠷ᠂ ᠪᠤᠭᠤᠳᠤ ᠶᠢᠨ ᠬᠤᠪᠤᠷ ᠰᠢᠷᠤᠢ ᠶᠢᠨ ᠰᠤᠳᠤᠯᠭᠠᠨ ᠤ ᠬᠦᠷᠢᠶᠡᠯᠡᠩ ᠪᠠ ᠬᠤᠪᠤᠷ ᠰᠢᠷᠤᠢ ᠶᠢᠨ ᠳᠡᠭᠡᠳᠦ ᠰᠢᠨ᠎ᠠ ᠮᠡᠷᠭᠡᠵᠢᠯ ᠤᠨ ᠠᠵᠤ ᠦᠢᠯᠡᠰ ᠤᠨ ᠰᠠᠭᠤᠷᠢᠨ᠂ ᠥᠪᠦᠷ ᠮᠤᠩᠭᠤᠯ ᠤᠨ ᠪᠠᠯ ᠴᠢᠯᠠᠭᠤ ᠠᠯᠺᠧᠨ ᠤ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ᠂ ᠵᠢᠩ ᠳ᠋ᠦᠩ ᠹᠠᠩ ᠤᠷᠳᠤᠰ ᠬᠤᠳᠠ ᠶᠢᠨ ᠶᠤᠸᠠᠨ ᠱᠧᠩ ᠭᠡᠷᠡᠯ ᠴᠠᠬᠢᠯᠭᠠᠨ ᠤ ᠺᠤᠮᠫᠠᠨᠢ ᠵᠡᠷᠭᠡ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ ᠪᠠ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ  ᠤᠨ ᠠᠵᠤ ᠠᠬᠤᠢᠢᠯᠠᠯ ᠢᠶᠠᠷ ᠰᠢᠨᠵᠢᠯᠡᠨ ᠪᠠᠶᠢᠴᠠᠭᠠᠵᠦ᠂ ᠳᠡᠳᠡᠨ ᠢ ᠰᠢᠨ᠎ᠠ ᠶᠢ ᠡᠬᠦᠳᠬᠦ ᠪᠠᠷ ᠬᠦᠭᠵᠢᠯᠳᠠ ᠶᠢ ᠲᠠᠶᠢᠴᠢᠯᠠᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠢᠷᠡᠭᠡᠳᠦᠢ ᠪᠠᠨ ᠴᠤᠭᠴᠠᠯᠠᠵᠦ᠂ ᠥᠪᠦᠷ ᠮᠤᠩᠭᠤᠯ ᠤᠨ ᠠᠵᠤ ᠠᠬᠤᠢ ᠶᠢᠨ ᠬᠦᠭᠵᠢᠯᠳᠠ ᠳᠤ ᠰᠢᠨ᠎ᠠ ᠬᠦᠳᠡᠯᠭᠡᠬᠦ ᠬᠦᠴᠦᠨ ᠨᠡᠮᠡᠷᠢᠯᠡᠭᠡᠷᠡᠢ ᠭᠡᠵᠦ ᠵᠤᠷᠢᠭᠵᠢᠭᠤᠯᠪᠠ᠃ ᠳᠤᠮᠳᠠᠳᠦ ᠤᠯᠥᠰ ᠤᠨ ᠴᠡᠬᠢᠯᠭᠠᠠ ᠬᠤᠯᠪᠤᠭ᠎ᠠ ᠶᠢᠨ ᠡᠬᠦᠯᠠᠠ ᠪᠤᠳᠦᠯᠳᠠ ᠶᠢᠨ ᠦᠪᠤᠷ ᠮᠤᠩᠭᠤᠯ ᠎ ᠳᠠᠬᠢ ᠮᠠᠳᠡᠭᠡ ᠵᠠᠩᠬᠢ ᠶᠢᠨ ᠬᠦᠷᠢᠶᠠᠯᠠᠩ ᠳᠤ ᠯᠢ ᠵᠢᠢ ᠾᠧᠩ᠂ ᠡᠬᠦᠯᠡᠡ ᠪᠤᠳᠦᠯᠳᠠ ᠶᠢ ᠮᠠᠳᠡᠭᠡ ᠵᠠᠩᠬᠢ ᠶᠢᠨ ᠠᠵᠦ ᠦᠢᠯᠠᠰ ᠤᠨ ᠬᠦᠭᠵᠢᠯᠳᠠ ᠶᠢ ᠠᠬᠢᠭᠤᠯᠬᠤ ᠶᠢᠨ ᠴᠢᠬᠤᠯᠠ ᠭᠠᠷᠳᠠᠴᠠ ᠪᠤᠯᠭᠠᠵᠦ᠂ ᠰᠤᠳᠤᠯᠤᠠ ᠨᠡᠬᠡᠬᠡᠡ ᠬᠦᠭᠵᠢᠬᠦᠯᠬᠦ ᠂ ᠬᠡᠷᠡᠭᠯᠡᠡ ᠠᠰᠢᠬᠯᠠᠬᠤ᠂ ᠬᠠᠳᠠᠭᠠᠯᠠᠠ ᠨᠦᠬᠡᠴᠡᠯᠡᠬᠦ ᠶᠢ ᠨᠢᠬᠡ ᠴᠤᠬᠴᠠᠵᠢᠭᠤᠯᠤᠬᠰᠠᠠ ᠪᠦᠬᠦ ᠠᠵᠦ ᠦᠢᠯᠠᠰ ᠤᠨ ᠬᠡᠯᠬᠢᠶ᠎ᠠ ᠶᠢᠨ ᠬᠦᠭᠵᠢᠯᠳᠠ ᠶᠢᠨ ᠰᠠᠭᠤᠷᠢᠠ ᠢ ᠳᠦᠷᠬᠡᠳᠬᠡᠡ ᠪᠠᠶᠢᠭᠤᠯᠵᠦ᠂ ᠮᠢᠩᠭᠠᠠ ᠳ᠋ᠦᠩᠰᠢᠭᠤᠷ ᠳᠡᠰ ᠤᠨ ᠡᠬᠦᠯᠠᠠ ᠪᠤᠳᠦᠯᠳᠠ ᠶᠢᠨ ᠠᠵᠦ ᠦᠢᠯᠠᠰ ᠤᠨ ᠪᠦᠯᠥᠭᠯᠡᠯ ᠢ ᠡᠬᠦᠳᠴᠦ᠂ ᠮᠠᠳᠡᠭᠡ ᠵᠠᠩᠬᠢᠵᠢᠯᠳᠠ ᠪᠠᠷ ᠤᠳᠦᠬᠢᠴᠢᠯᠠᠯᠳᠠ ᠶᠢ ᠠᠬᠢᠭᠤᠯᠬᠤ ᠬᠡᠷᠡᠭᠳᠡᠢ ᠭᠡᠵᠦ ᠵᠢᠭᠠᠵᠦ ᠭᠠᠷᠭᠠᠪᠠ᠃      ᠮᠠᠯ ᠤᠨ ᠠᠰᠢᠬ ᠰᠢᠮ᠎ᠠ ᠳᠠᠷᠢᠶᠠᠯᠠᠩ ᠤᠨ ᠪᠦᠳᠦᠭᠡᠭᠳᠡᠬᠦᠡ ᠢ ᠡᠳ᠋ᠰᠢᠬᠦᠯᠬᠦ᠂ ᠤᠳᠦ ᠦᠶ᠎ᠡ ᠶᠢᠨ ᠳᠤᠨᠤᠬ ᠳᠦᠬᠦᠬᠡᠷᠦᠮᠵᠢ ᠦᠢᠯᠠᠳᠬᠦ ᠦᠢᠯᠠᠰ ᠪᠤᠯ ᠮᠠᠠ ᠤ ᠤᠷᠦᠠ ᠤ ᠴᠢᠬᠤᠯᠠ ᠪᠦᠬᠦᠢ ᠳᠠᠪᠠᠭᠤᠯᠢᠬ ᠤᠠᠴᠠᠯᠢᠬᠳᠦ ᠠᠵᠦ ᠦᠢᠯᠠᠰ ᠪᠡ ᠰᠢᠨ᠎ᠠ ᠪᠠᠷ ᠮᠠᠠᠳᠦᠬᠰᠠᠠ ᠠᠵᠦ ᠦᠢᠯᠠᠰ ᠪᠤᠯᠤᠨ᠎ᠠ᠃ ᠯᠢ ᠵᠢᠢ ᠾᠧᠩ ᠢᠯᠢ᠂ ᠮᠧᠩ ᠨᠢᠦ᠂ ᠤᠷᠳᠦᠰ ᠎ ᠤᠨ ᠤᠳᠦ ᠦᠶ᠎ᠡ ᠶᠢᠨ ᠨᠤᠯᠤᠤᠷ ᠤᠨ ᠠᠵᠦ ᠦᠢᠯᠠᠰ ᠤᠨ ᠬᠦᠷᠢᠶᠡᠯᠠᠩ ᠳᠤᠭᠤᠷᠢᠬ᠂ ᠴᠢ ᠷᠦᠢ ᠮᠠᠰᠢᠡ ᠳᠡᠷᠬᠡᠡ ᠤ ᠤᠷᠳᠦᠰ ᠲᠠᠬᠢ ᠠᠵᠦ ᠦᠢᠯᠠᠰ ᠤᠨ ᠬᠦᠷᠢᠶᠠᠯᠠᠩ ᠵᠡᠷᠬᠡ ᠠᠵᠦ ᠠᠬᠤᠢᠢᠯᠠᠯ᠂ ᠬᠦᠷᠢᠶᠡᠯᠡᠩ ᠳᠤᠭᠤᠷᠢᠬ ᠲᠤ ᠬᠦᠨᠵᠡᠬᠡᠶᠢᠷᠡᠡ ᠰᠢᠨᠵᠢᠯᠠᠠ ᠪᠠᠶᠢᠴᠠᠭᠠᠪᠡ᠃ ᠳᠠᠷᠠ ᠢᠯᠢ ᠪᠦᠯᠥᠭᠯᠡᠯ᠂ ᠮᠧᠩ ᠨᠢᠦ ᠪᠦᠯᠥᠭᠯᠡᠯ ᠤᠨ ᠬᠠᠷᠢᠭᠤᠴᠠᠯᠭᠠᠳᠠᠠ ᠳᠤ᠂ ᠢᠳᠠᠬᠡᠡ ᠤ ᠠᠮᠤᠷ ᠳᠦᠪᠰᠢᠡ ᠤ ᠠᠰᠠᠭᠤᠳᠠᠯ ᠢ ᠳᠡᠭᠡᠳᠦ ᠬᠡᠮᠵᠢᠶ᠎ᠠ ᠪᠠᠷ ᠴᠢᠬᠤᠯᠠᠴᠢᠯᠡᠡ ᠦᠵᠡᠵᠦ᠂ ᠡᠬᠢᠡ ᠠᠴᠠ ᠨᠢ ᠡᠴᠦᠰ ᠲᠤᠨᠢ ᠳᠤᠯᠳᠠᠯ᠎ᠠ ᠶᠠᠰᠤ ᠴᠢᠨᠠᠷ ᠢ ᠡᠵᠡᠮᠳᠡᠬᠦ ᠰᠢᠰᠲ᠋ᠧᠮ ᠢ ᠪᠠᠶᠢᠭᠤᠯᠵᠦ᠂ ᠭᠡᠷᠡᠭᠯᠡᠭᠴᠢᠳ ᠲᠤ ᠰᠠᠳᠬᠢᠯ ᠬᠠᠨᠤᠮᠵᠢᠳᠠᠢ ᠰᠦ ᠬᠠᠩᠭᠠᠬᠤ ᠶᠢ ᠦᠨᠠᠨᠬᠦ ᠪᠠᠳᠦᠯᠠᠬᠤ ᠭᠡᠷᠡᠭᠳᠡᠢ ᠬᠡᠵᠦ ᠵᠠᠬᠢᠪᠡ᠃ ᠳᠠᠷᠠ ᠤᠷᠳᠦᠰ ᠤᠨ ᠨᠤᠯᠤᠤᠷ ᠤᠨ ᠠᠵᠦ ᠦᠢᠯᠠᠰ ᠤᠨ ᠬᠢᠨ ᠢ ︽ᠪᠦᠬᠦ ᠳᠠᠯᠡᠬᠡᠢ ᠶᠢ ᠳᠤᠯᠠᠭᠠᠴᠠᠭᠤᠯᠬᠤ︾ ᠬᠢᠯᠠᠯᠵᠠᠬᠰᠠᠠ ᠠᠮᠵᠢᠯᠳᠠ ᠪᠠᠨ ᠦᠷᠬᠦᠯᠵᠢᠯᠡᠡ ᠪᠢᠴᠢᠭᠯᠡᠵᠦ᠂ ᠦᠪᠤᠷ ᠮᠤᠩᠭᠤᠯ ᠳᠤ ᠦᠩᠬᠡ ᠬᠡᠷᠡᠯ ᠢ ᠠᠪᠴᠢᠷᠠᠵᠦ᠂ ᠳᠤᠮᠳᠠᠳᠦ ᠤᠯᠥᠰ ᠲᠤ ᠦᠩᠬᠡ ᠬᠡᠷᠡᠯ ᠢ ᠠᠪᠴᠢᠷᠠᠬᠤ ᠬᠡᠷᠡᠭᠳᠡᠢ ᠬᠡᠵᠦ ᠵᠤᠷᠢᠬᠵᠢᠭᠤᠯᠵᠡᠢ᠃ ᠴᠢ ᠷᠦᠢ ᠶᠢᠨ ᠪᠦᠷᠢᠠ ᠤᠬᠰᠠᠷᠠᠬᠤ ᠦᠢᠯᠠᠳᠪᠤᠷᠢ ᠶᠢᠨ ᠳᠠᠰᠤᠬ ᠲᠤ᠂ ᠯᠢ ᠵᠢᠢ ᠾᠧᠩ ᠠᠵᠦ ᠠᠬᠤᠢᠢᠯᠠᠯ ᠤᠨ ᠬᠢᠨ ᠢ ᠪᠦᠳᠦᠬᠡᠭᠳᠡᠬᠦᠡ ᠤ ᠶᠠᠰᠤ ᠴᠢᠨᠠᠷ ᠢ ᠳᠡᠭᠡᠭᠰᠢᠯᠡᠬᠦᠯᠬᠦ ᠶᠢ ᠴᠢᠬᠤᠯᠠᠴᠢᠯᠡᠵᠦ᠂ ᠨᠠᠩ ᠢᠯᠠᠬᠦᠦ ᠦᠷ᠎ᠠ ᠠᠰᠢᠬ ᠡᠬᠦᠳᠬᠦ ᠬᠡᠷᠡᠭᠳᠡᠢ ᠬᠡᠵᠦ ᠵᠤᠷᠢᠬᠵᠢᠭᠤᠯᠪᠡ᠃      ᠯᠢ ᠵᠢᠢ ᠾᠧᠩ ᠬᠤᠳᠠ ᠶᠢᠨ ᠪᠦᠳᠦᠬᠡᠡ ᠪᠠᠶᠢᠭᠤᠯᠤᠯᠳᠠ ᠪᠡ ᠠᠮᠢ ᠠᠬᠤᠢ ᠶᠢᠨ ᠶᠠᠷᠦᠩᠬᠡᠶᠢᠯᠡᠡ ᠵᠠᠰᠠᠬᠤ ᠠᠵᠢᠯ ᠢ ᠳᠦᠢᠯ ᠢᠶᠠᠷ ᠬᠠᠯᠠᠮᠵᠢᠯᠠᠠ ᠠᠩᠬᠠᠷᠳᠠᠬ᠃ ᠳᠠᠯᠠᠠ ᠬᠠᠷ᠎ᠠ ᠠᠭᠤᠯᠠ ᠶᠢᠨ ᠡᠮᠤᠨ᠎ᠠ ᠬᠦᠳᠦᠯ ᠳᠠᠬᠢ ᠵᠠᠭᠤᠠ ᠳᠡᠭᠰᠢ ᠳᠦᠷᠪᠡᠯᠵᠢᠡ ᠺᠢᠯᠥᠮᠧᠲᠷ ᠤᠨ ᠠᠮᠢ ᠠᠬᠤᠢ ᠶᠢᠨ ᠶᠠᠷᠦᠩᠬᠡᠶᠢᠯᠡᠠ ᠵᠠᠰᠠᠬᠤ ᠢᠨᠵᠧᠨᠧᠷᠢᠩ ᠪᠡ ᠮᠧᠩ ᠼᠤᠤ ᠪᠦᠯᠥᠭᠯᠡᠯ ᠤᠨ ᠨᠤᠳᠤᠬ ᠪᠠᠯᠴᠢᠬᠡᠷ ᠤᠨ ᠠᠮᠢ ᠠᠬᠤᠢ ᠶᠢ ᠰᠠᠷᠬᠦᠬᠡᠬᠦ ᠢᠨᠵᠧᠨᠧᠷᠢᠩ ᠢ ᠰᠢᠨᠵᠢᠯᠠᠠ ᠪᠠᠶᠢᠴᠠᠭᠠᠬᠤ ᠳᠠᠭᠠᠨ ᠳᠠᠷᠠ᠂ ᠳᠤᠰ ᠭᠠᠵᠠᠷ ᠤᠨ ᠨᠠᠮ ᠤᠨ ᠬᠤᠷᠢᠶ᠎ᠠ ᠵᠠᠰᠠᠬ ᠤᠨ ᠤᠷᠳᠦᠡ ᠢ ᠠᠮᠢ ᠠᠬᠤᠢ ᠶᠢ ᠶᠠᠷᠦᠩᠬᠡᠶᠢᠯᠡᠡ ᠵᠠᠰᠠᠬᠤ ᠠᠵᠢᠯ ᠢ ᠦᠷᠬᠦᠯᠵᠢᠯᠡᠡ ᠰᠠᠶᠢᠳᠦᠷ ᠠᠳᠬᠤᠵᠦ᠂ ᠬᠤᠳᠠ ᠶᠢᠨ ᠬᠠᠮᠤᠬ ᠬᠢᠯᠠᠯᠵᠠᠬᠰᠠᠠ ᠨᠠᠷ᠎ᠠ ᠶᠢᠨ ᠬᠠᠭᠤᠳᠠᠰᠦ ᠶᠢ ᠡᠬᠦᠳᠴᠦ᠂ ᠠᠮᠢ ᠠᠬᠤᠢ ᠶᠢᠨ ᠪᠦᠳᠦᠬᠡᠡ ᠪᠠᠶᠢᠭᠤᠯᠤᠯᠳᠠ ᠪᠠᠷ ᠬᠤᠳᠠ ᠶᠢᠨ ᠪᠦᠬᠦᠯᠢ ᠴᠤᠬᠴᠠ ᠶᠢᠨ ᠳᠡᠰ ᠳᠠᠪᠰᠢᠬᠦ ᠶᠢ ᠠᠬᠢᠭᠤᠯᠬᠤ ᠶᠢ ᠬᠦᠰᠠᠵᠠᠢ᠃ ᠬᠦᠬᠡᠬᠤᠳᠠ ᠶᠢᠨ ᠭᠠᠵᠠᠷ ᠳᠤᠤᠷᠠᠬᠢ ᠳᠠᠮᠤᠷ ᠵᠠᠮ ᠤᠨ ᠨᠢᠬᠡᠳᠦᠬᠡᠷ᠂ ᠬᠤᠶᠠᠳᠤᠭᠠᠷ ᠱᠤᠭᠤᠮ ᠤᠨ ᠢᠨᠵᠧᠨᠧᠷᠢᠩ᠂ ᠦᠪᠤᠷ ᠮᠤᠩᠭᠤᠯ ᠤᠨ ᠴᠦᠬᠡᠠ ᠳᠤᠭᠠᠳᠦ ᠦᠨᠳᠦᠰᠦᠳᠠᠠ ᠤ ᠤᠯᠠᠠ ᠳᠦᠮᠡᠡ ᠤ ᠰᠤᠶᠤᠯ ᠪᠡᠶ᠎ᠠ ᠶᠢᠨ ᠳᠡᠮᠢᠷ ᠤᠨ ᠬᠦᠳᠠᠯᠬᠡᠬᠡᠡ ᠤ ᠳᠦᠪ ᠵᠠᠷᠬᠡ ᠭᠤᠤᠯᠳᠠᠯᠭ᠎ᠠ ᠲᠠᠢ ᠢᠨᠵᠧᠨᠧᠷᠢᠩ ᠢ ᠳᠦᠯᠥᠪᠵᠢᠬᠦᠯᠤᠠ ᠪᠦᠳᠦᠬᠡᠡ ᠪᠠᠶᠢᠭᠤᠯᠵᠦ ᠪᠠᠶᠢᠬᠤ ᠪᠠᠶᠢᠳᠠᠯ ᠢ ᠰᠢᠨᠵᠢᠯᠠᠠ ᠪᠠᠶᠢᠴᠠᠭᠠᠬᠤ ᠳᠠᠭᠠᠨ ᠯᠢ ᠵᠢᠢ ᠾᠧᠩ ᠴᠢᠬᠤᠯᠠᠴᠢᠯᠠᠬᠰᠠᠠ ᠨᠢ᠂ ᠳᠦᠷᠦᠯ ᠵᠦᠢᠯ ᠢ ᠠᠳᠬᠤᠬᠤ᠂ ᠪᠠᠯᠠ ᠤᠷᠦᠭᠤᠯᠤᠯᠳᠠ ᠶᠢ ᠠᠬᠢᠭᠤᠯᠬᠤ ᠬᠠᠷᠢᠭᠤᠴᠠᠯᠭᠠᠳᠦ ᠰᠠᠳᠬᠢᠯᠬᠡ ᠪᠡ ᠳᠤᠯᠭᠠᠮ᠎ᠠ ᠰᠠᠳᠬᠢᠯᠬᠡ ᠪᠠᠨ ᠦᠨᠠᠨᠬᠦ ᠴᠢᠩᠭᠠᠳᠬᠠᠵᠦ᠂ ᠬᠠᠷᠢᠭᠤᠴᠠᠯᠭ᠎ᠠ ᠪᠠᠨ ᠳᠤᠳᠤᠷᠬᠠᠢᠢᠯᠠᠵᠦ᠂ ᠪᠠᠷᠢᠯᠭ᠎ᠠ ᠪᠠᠨ ᠳᠤᠬᠳᠠᠬᠰᠠᠠ ᠬᠤᠭᠤᠴᠠᠭ᠎ᠠ ᠳᠠᠭᠠᠨ ᠳᠠᠭᠤᠰᠬᠠᠵᠦ᠂ ᠬᠢᠨᠠᠯᠳᠠ ᠳᠠᠯᠪᠢᠠ ᠵᠢᠯᠣᠭᠤᠳᠬᠤ ᠪᠠᠨ ᠴᠢᠩᠭᠠᠳᠬᠠᠵᠦ᠂ ᠡᠯ᠎ᠡ ᠳᠦᠷᠦᠯ ᠤᠨ ᠴᠢᠬᠤᠯᠠ ᠶᠡᠭᠡ ᠢᠨᠵᠧᠨᠧᠷᠢᠩ ᠤᠨ ᠳᠦᠷᠦᠯ ᠵᠦᠢᠯ ᠤᠨ ᠪᠠᠷᠢᠯᠭ᠎ᠠ ᠶᠢ ᠳᠤᠬᠳᠠᠬᠰᠠᠠ ᠬᠤᠭᠤᠴᠠᠭᠠᠠ ᠳᠠᠭᠠᠨ ᠳᠠᠭᠤᠰᠬᠠᠬᠤ ᠶᠢ ᠦᠨᠠᠨᠬᠦ ᠪᠠᠲᠤᠯᠠᠬᠤ ᠬᠡᠷᠡᠭᠳᠡᠢ ᠭᠡᠵᠡᠢ᠃ ᠨᠡᠩ ᠴᠦ ᠲᠦᠯᠦᠪᠵᠢᠭᠦᠯᠭᠡ ᠪᠦᠳᠤᠭᠡᠨ ᠪᠠᠶᠢᠭᠤᠯᠤᠯᠳᠡ ᠶᠢᠨ ᠲᠠᠭᠤᠷᠢᠶᠠᠯ᠂ ᠨᠡᠶᠢᠭᠡᠮ ᠤᠨ ᠬᠠᠮᠢᠶᠠᠷᠤᠯᠳᠡ ᠶᠢᠨ ᠲᠠᠭᠤᠷᠢᠶᠠᠯ ᠪᠡ ᠦᠷᠭᠦᠯᠵᠢᠯᠡᠨ ᠭᠦᠭᠵᠢᠯᠳᠡ ᠶᠢᠨ ᠲᠠᠭᠤᠷᠢᠶᠠᠯ ᠪᠤᠯᠵᠦ᠂ ᠵᠤᠯ ᠵᠢᠷᠭᠠᠯ ᠲᠠᠢ ᠡᠶ᠎ᠡ ᠵᠤᠬᠢᠴᠠᠩᠭᠤᠢ ᠠᠮᠢ ᠠᠬᠤᠢ ᠰᠠᠶᠢᠨ᠂ ᠲᠤᠬᠢᠯᠢᠭ ᠰᠠᠭᠤᠴᠠ ᠲᠠᠢ ᠠᠵᠦ ᠦᠢᠯᠡᠰ ᠪᠤᠰᠬᠠᠬᠤ ᠳᠤ ᠠᠰᠢᠭᠳᠠᠢ ᠪᠠᠶᠢᠬᠤ ᠶᠢ ᠦᠨᠡᠨᠬᠦ ᠪᠡᠶᠡᠯᠡᠭᠦᠯᠭᠦ ᠭᠡᠷᠡᠭᠲᠠᠢ ᠭᠡᠵᠦ ᠱᠠᠭᠠᠷᠳᠡᠪᠡ᠃      ᠯᠢ ᠵᠢᠢ ᠾᠧᠩ ᠦᠨᠳᠤᠰᠤᠨ ᠱᠠᠳᠤᠨ ᠤ ᠺᠠᠳ᠋ᠷᠴᠤᠳ ᠠᠷᠠᠳ ᠤᠯᠠᠠ ᠢ ᠴᠠᠭ ᠢᠮᠠᠬᠳᠡ ᠪᠤᠳᠤᠨ ᠰᠠᠨᠠᠭᠠᠯᠵᠠᠵᠦ᠂ ᠤᠷᠢᠳ ᠬᠤᠵᠢᠳ ᠪᠤᠭᠤᠳᠦ ᠬᠤᠳᠡ ᠶᠢᠨ ᠲᠦᠮᠡᠳ ᠪᠠᠷᠠᠭᠤᠨ ᠬᠤᠰᠢᠭᠤᠨ ᠤ ᠰᠤᠪᠤᠷᠭ᠎ᠠ ᠰᠢᠶᠠᠩ ᠤᠨ ᠮᠠᠶᠢᠳᠠᠷ ᠭᠦᠭᠦᠷᠭᠡ ᠲᠤᠰᠬᠤᠨ ᠤ ᠠᠷᠠᠳ ᠤᠨ ᠡᠷᠤᠬᠡ ᠪᠠᠷ ᠠᠶᠢᠯᠴᠢᠯᠠᠵᠦ᠂ ᠪᠥᠯᠢᠶᠠᠨᠲᠠᠯ᠎ᠠ ᠨᠡᠭᠦᠷᠡᠰᠤᠨ ᠠᠭᠤᠷᠬᠠᠢ ᠶᠢᠨ ᠠᠭᠤᠷᠬᠠᠢ ᠶᠢᠨ ᠠᠵᠢᠯᠴᠢᠳ ᠢ ᠲᠤᠬᠤᠨᠢᠭᠤᠯᠵᠦ᠂ ᠳ᠋ᠦᠩ ᠱᠧᠩ ᠲᠤᠭᠤᠷᠢᠭ ᠤᠨ ᠲᠢᠶᠠᠨ ᠵᠢᠶᠤᠦ ᠵᠡᠭᠡᠯᠢ ᠭᠤᠳᠤᠮᠵᠢ ᠶᠢᠨ ᠠᠨᠳᠡ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠢ ᠪᠤᠯᠭᠤᠭᠠᠨ ᠦᠵᠡᠪᠡ᠃ ᠲᠡᠷᠡ᠂ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠡ ᠪᠡ ᠨᠠᠮ ᠤᠨ ᠭᠡᠰᠢᠭᠦᠨ ᠺᠠᠳ᠋ᠷᠴᠤᠳ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠤᠵᠢᠯ ᠢ ᠯᠠᠪᠳᠠᠭᠤᠨ ᠪᠠᠳᠤᠲᠠᠢ ᠦᠷᠨᠢᠭᠦᠯᠵᠦ᠂ ᠠᠵᠢᠯᠯᠠᠬᠤ ᠠᠷᠭ᠎ᠠ ᠪᠠᠷᠢᠯ ᠢ ᠰᠢᠨ᠎ᠡ ᠶᠢ ᠡᠭᠦᠳᠴᠦ᠂ ᠦᠨᠳᠤᠰᠤᠨ ᠱᠠᠳᠤᠨ ᠳᠤ ᠦᠢᠯᠡᠴᠢᠯᠡᠵᠦ᠂ ᠠᠷᠠᠳ ᠤᠨ ᠰᠡᠳᠬᠢᠯ ᠢ ᠤᠯᠵᠦ᠂ ᠨᠠᠮ ᠤᠨ ᠤᠯᠠᠨ ᠲᠦᠮᠡᠨ ᠤ ᠰᠠᠭᠤᠷᠢ ᠶᠢ ᠪᠠᠳᠤᠳᠬᠠᠭᠠᠷᠠᠢ ᠭᠡᠵᠦ ᠬᠦᠰᠡᠪᠠ᠃      ᠪᠤᠭᠤᠳᠦ ᠠᠴᠠ ᠤᠷᠳᠤᠰ ᠭᠦᠷᠭᠦ ᠲᠦᠷᠭᠡᠨ ᠤ ᠭᠦᠳᠡᠯᠭᠡᠭᠦ ᠭᠦᠴᠤᠨᠳᠦ ᠭᠠᠯᠳᠦ ᠲᠡᠷᠭᠡᠨ ᠳᠡᠭᠡᠷ᠎ᠡ ᠯᠢ ᠵᠢᠢ ᠾᠧᠩ ᠪᠦᠭᠦ ᠤᠷᠤᠨ ᠤ ᠲᠡᠮᠤᠷ ᠵᠠᠮ ᠤᠨ ᠲᠦᠯᠦᠪᠵᠢᠭᠦᠯᠭᠡ ᠶᠢᠨ ᠪᠦᠳᠤᠭᠡᠨ ᠪᠠᠶᠢᠭᠤᠯᠤᠯᠳᠡ ᠶᠢᠨ ᠪᠠᠶᠢᠳᠡᠯ ᠤᠨ ᠮᠡᠳᠡᠭᠦᠯᠦᠯᠳᠡ ᠶᠢ ᠰᠤᠨᠤᠰᠪᠡ᠃ ᠲᠡᠷᠡ᠂ ᠰᠠᠭᠤᠷᠢ ᠲᠦᠭᠦᠭᠡᠷᠦᠮᠵᠢ ᠶᠢᠨ ᠪᠦᠳᠤᠭᠡᠨ ᠪᠠᠶᠢᠭᠤᠯᠤᠯᠳᠡ ᠬᠠᠷᠢᠴᠠᠩᠭᠤᠢ ᠬᠤᠴᠤᠷᠤᠩᠭᠤᠢ ᠪᠠᠶᠢᠬᠤ ᠪᠤᠯ ᠮᠠᠨ ᠤ ᠤᠷᠤᠨ ᠤ ᠭᠦᠭᠵᠢᠯᠳᠡ ᠶᠢᠨ ᠨᠢᠭᠡᠨ ᠲᠤᠳᠠᠭᠤᠳᠠᠯ ᠪᠤᠯᠤᠨ᠎ᠡ᠂ ᠴᠠᠭ ᠪᠢᠳᠡᠨ ᠢ ᠭᠦᠯᠢᠶᠡᠭᠦ ᠦᠭᠡᠢ᠂ ᠦᠷᠯᠦᠭᠡ ᠦᠳᠠᠰᠢ ᠶᠢ ᠠᠮᠵᠢᠭᠤᠯᠵᠦ ᠠᠵᠢᠯᠯᠠᠬᠤ ᠤᠮᠤᠭ ᠵᠤᠷᠢᠭ ᠢᠶᠠᠷ᠂ ᠲᠦᠷᠭᠡᠨ᠂ ᠲᠦᠭᠦᠮ᠂ ᠦᠨᠳᠤᠷ ᠦᠷ᠎ᠡ ᠠᠰᠢᠭ ᠲᠠᠢ᠂ ᠠᠮᠤᠷ ᠲᠦᠪᠰᠢᠨ᠂ ᠶᠡᠭᠡ ᠪᠠᠭᠳᠠᠭᠠᠮᠵᠢᠲᠠᠢ᠂ ᠲᠤᠤᠷ᠎ᠠ ᠦᠷᠳᠡᠭ ᠲᠠᠢ ᠬᠤᠯᠪᠤᠯᠳᠤᠵᠦ ᠨᠡᠪᠳᠡᠷᠡᠯᠴᠡᠭᠰᠡᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠤᠤᠷ ᠢ ᠲᠦᠷᠭᠡᠳᠭᠡᠨ ᠪᠠᠶᠢᠭᠤᠯᠵᠦ᠂ ᠵᠠᠮ ᠬᠠᠷᠢᠯᠴᠠᠭᠠᠨ ᠤ ᠲᠠᠪᠠᠭᠤᠯᠢᠭ ᠢ ᠪᠤᠢ ᠪᠤᠯᠭᠠᠬᠤ ᠪᠠᠷ ᠭᠦᠭᠵᠢᠯᠳᠡ ᠶᠢᠨ ᠰᠢᠨ᠎ᠡ ᠤᠷᠤᠨ ᠵᠠᠢ ᠶᠢ ᠥᠷᠭᠡᠳᠬᠡᠵᠦ᠂ ᠲᠠᠬᠢᠨ ᠭᠦᠭᠵᠢᠯᠳᠡ ᠶᠢᠨ ᠰᠢᠨ᠎ᠡ ᠲᠠᠪᠠᠭᠤᠯᠢᠭ ᠢ ᠡᠭᠦᠳᠭᠦ ᠭᠡᠷᠡᠭᠲᠠᠢ ᠭᠡᠵᠦ ᠵᠢᠭᠠᠵᠤ ᠭᠠᠷᠭᠠᠪᠡ᠃      ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ᠂ ᠯᠢ ᠵᠢᠢ ᠡᡁᠧᠩ ᠬᠦᠬᠡᠬᠤᠳᠠ ᠪᠤᠭᠤᠲᠤ ᠤᠷᠳᠤᠰ ᠵᠡᠷᠬᠡ ᠭᠤᠷᠪᠠᠨ ᠬᠤᠳᠠ ᠶᠢᠨ ᠠᠵᠢᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠤ᠂ ᠭᠤᠷᠪᠠᠨ ᠬᠤᠳᠠ ᠶᠢᠨ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠳᠠᠯ᠎ᠠ ᠪᠠᠷ ᠤᠯᠤᠬᠰᠠᠨ ᠠᠮᠵᠢᠯᠳᠡ ᠪᠦᠳᠦᠮᠵᠢ ᠶᠢ ᠬᠦᠢᠴᠡᠳ ᠨᠤᠳᠠᠯᠠᠪᠠ᠃ ᠳᠡᠷᠡ᠂ ︽13·5︾᠎ ᠶᠢᠨ ᠬᠦᠭᠵᠢᠬᠦᠯᠦᠯᠳᠡ ᠶᠢᠨ ᠬᠠᠷᠠᠯᠳᠠ ᠶᠢ ᠪᠠᠶᠠᠯᠠᠬᠦᠯᠬᠦ ᠳᠤ ᠪᠦᠬᠦ ᠤᠷᠤᠨ ᠢᠶᠠᠷ ᠢᠶᠠᠨ ᠰᠡᠳᠬᠢᠯ ᠢᠶᠠᠨ ᠨᠢᠬᠡᠳᠬᠡᠵᠦ ᠬᠦᠴᠦ ᠪᠠᠨ ᠬᠠᠮᠳᠤᠳᠬᠠᠵᠦ᠂ ᠪᠦᠯᠬᠦᠮᠳᠡᠨ ᠳᠡᠮᠡᠴᠡᠬᠦ ᠶᠠᠪᠤᠳᠠᠯ ᠱᠠᠭᠠᠷᠳᠠᠬᠳᠠᠨ᠎ᠠ᠂ ᠭᠤᠷᠪᠠᠨ ᠬᠤᠳᠠ ᠡᠩ ᠳᠡᠷᠢᠬᠦᠨ ᠳᠤ ᠬᠦᠭᠵᠢᠬᠡᠳ᠂ ᠪᠦᠬᠦ ᠤᠷᠤᠨ ᠢ ᠨᠦᠯᠦᠬᠡᠯᠡᠨ ᠳᠠᠶᠢᠴᠢᠯᠠᠵᠦ ᠳᠦᠷᠬᠡᠨ ᠬᠦᠭᠵᠢᠬᠦᠯᠬᠦ ᠶᠠᠪᠤᠳᠠᠯ ᠱᠠᠭᠠᠷᠳᠠᠬᠳᠠᠨ᠎ᠠ᠃ ᠬᠦᠬᠡᠬᠤᠳᠠ ᠪᠤᠭᠤᠲᠤ ᠤᠷᠳᠤᠰ ᠪᠠᠶᠢᠭᠠᠯᠢ ᠶᠢᠨ ᠡᠬᠢ ᠪᠠᠶᠠᠯᠢᠬ ᠢᠶᠠᠷ ᠡᠯᠪᠡᠭ ᠪᠠᠶᠠᠯᠢᠬ᠂ ᠤᠷᠤᠨ ᠪᠠᠶᠢᠷᠢ ᠨᠢ ᠮᠡᠳᠡᠭᠳᠡᠬᠦ᠋ᠢᠴᠡ ᠳᠠᠪᠠᠭᠤᠯᠢᠬ᠂ ᠤᠨᠴᠠᠯᠢᠬᠳᠦ ᠳᠠᠪᠠᠭᠤᠯᠢᠬ ᠠᠵᠦ ᠦᠢᠯᠡᠰ ᠎ ᠤᠨ ᠬᠦᠭᠵᠢᠯᠳᠡ ᠨᠢ ᠬᠦᠴᠦ ᠳᠤᠷᠪᠢ ᠲᠠᠢ᠂ ᠰᠢᠨᠵᠢᠯᠡᠬᠦ ᠤᠬᠠᠭᠠᠨ ᠮᠡᠷᠬᠡᠵᠢᠯ ᠤᠨ ᠴᠢᠳᠠᠪᠤᠷᠢᠳᠡᠨ ᠤᠯᠠᠨ ᠳᠦᠪᠯᠡᠷᠡᠵᠦ᠂ ᠰᠠᠭᠤᠷᠢ ᠳᠦᠬᠦᠬᠡᠷᠦᠮᠵᠢ ᠪᠠᠷ ᠨᠡᠯᠢᠶᠡᠳ ᠪᠦᠷᠢᠨ ᠪᠦᠳᠦᠨ ᠪᠠᠶᠢᠨ᠎ᠠ᠂ ᠭᠤᠷᠪᠠᠨ ᠬᠤᠳᠠ ᠨᠢ ᠦᠨᠢ ᠤᠳᠠᠭᠠᠨ ᠳᠡᠤᠬᠡ ᠲᠠᠢ ᠪᠦᠬᠡᠳ ᠬᠠᠷᠢᠯᠴᠠᠵᠦ ᠶᠠᠪᠤᠯᠴᠠᠬᠤ ᠳᠤ ᠴᠦ ᠬᠢᠯᠪᠠᠷ ᠳᠦᠳᠡ ᠪᠠᠶᠢᠬᠤ ᠤᠴᠢᠷ ᠠᠴᠠ ᠪᠦᠷᠢᠮᠦᠰᠦᠨ ᠬᠠᠷᠢᠯᠴᠠᠨ ᠠᠭᠤᠰᠤᠯᠴᠠᠵᠦ᠂ ᠵᠤᠬᠢᠴᠠᠩᠭᠤᠢ ᠪᠠᠷ ᠬᠦᠭᠵᠢᠵᠦ ᠳᠡᠶᠢᠯᠬᠦ ᠶᠤᠮ ᠬᠡᠵᠦ ᠵᠢᠭᠠᠵᠦ ᠭᠠᠷᠭᠠᠪᠠ      ᠯᠢ ᠵᠢᠢ ᠾᠧᠩ᠂ ᠡᠷᠬᠡᠪᠰᠢ ᠬᠦᠬᠡᠬᠤᠳᠠ ᠪᠤᠭᠤᠲᠤ ᠤᠷᠳᠤᠰ ᠢ ᠵᠤᠬᠢᠴᠠᠩᠭᠤᠢ ᠪᠠᠷ ᠬᠦᠭᠵᠢᠬᠦᠯᠬᠦ ᠦᠵᠡᠯ ᠰᠠᠨᠠᠭᠠᠨ ᠤ ᠬᠠᠮᠲᠤ ᠶᠢᠨ ᠳᠠᠨᠢᠯᠳᠠ ᠶᠢ ᠴᠢᠨᠠᠬᠰᠢᠳᠠ ᠨᠢᠬᠳᠠᠷᠠᠭᠤᠯᠵᠦ᠂ ᠳᠤᠰ ᠳᠤᠰ ᠲᠠᠭᠠᠨ ᠳᠠᠪᠠᠭᠤᠯᠢᠬ ᠢᠶᠠᠨ ᠬᠠᠷᠢᠴᠠᠭᠤᠯᠬᠤ᠂ ᠤᠷᠤᠨ ᠪᠦᠰᠡ ᠶᠢᠨ ᠳᠠᠪᠠᠭᠤᠯᠢᠬ ᠢᠶᠠᠨ ᠬᠠᠷᠢᠯᠴᠠᠨ ᠨᠦᠬᠦᠪᠦᠷᠢᠯᠡᠬᠦ ᠵᠠᠷᠴᠢᠮ ᠶᠤᠰᠤᠭᠠᠷ᠂ ᠵᠤᠬᠢᠴᠠᠩᠭᠤᠢ ᠪᠠᠷ ᠬᠦᠭᠵᠢᠬᠦ ᠰᠢᠨ᠎ᠡ ᠵᠠᠮ ᠢ ᠢᠳᠡᠪᠬᠢᠳᠡᠢ ᠡᠷᠢᠯᠬᠢᠯᠡᠵᠦ᠂ ᠭᠤᠷᠪᠠᠨ ᠬᠤᠳᠠ ᠶᠢ ᠪᠦᠬᠦ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠳᠠᠭᠠᠭᠤᠯᠤᠭᠴᠢ᠂ ᠦᠬᠡᠷᠡᠴᠢᠯᠡᠯᠳᠡ ᠨᠡᠬᠡᠬᠡᠯᠳᠡ ᠶᠢᠨ ᠳᠠᠭᠠᠭᠤᠯᠤᠬᠴᠢ᠂ ᠬᠤᠳᠠ ᠬᠦᠳᠡᠭᠡ ᠶᠢᠨ ᠬᠦᠭᠵᠢᠯᠳᠡ ᠶᠢ ᠨᠢᠬᠡᠳᠦᠯᠳᠡᠢ ᠳᠦᠯᠦᠪᠵᠢᠬᠦᠯᠬᠦ ᠬᠤᠰᠢᠭᠤᠴᠢ᠂ ᠠᠮᠢ ᠠᠬᠤᠢ ᠶᠢᠨ ᠤᠷᠴᠢᠨ ᠳᠤᠭᠤᠷᠢᠨ ᠢ ᠬᠠᠮᠠᠭᠠᠯᠠᠬᠤ ᠵᠢᠱᠢᠶ᠎ᠠ ᠦᠵᠡᠬᠦᠯᠬᠦ ᠤᠷᠤᠨ ᠪᠣᠯᠭᠠᠬᠤ ᠪᠠᠷ ᠴᠢᠷᠮᠠᠶᠢᠬᠤ ᠬᠡᠷᠡᠭᠳᠡᠢ᠃ ᠰᠠᠭᠤᠷᠢ ᠳᠦᠬᠦᠬᠡᠷᠦᠮᠵᠢ ᠶᠢ ᠬᠤᠯᠪᠤᠵᠦ ᠨᠡᠪᠳᠡᠷᠡᠬᠦᠯᠬᠦ ᠠᠵᠢᠯ ᠢ ᠳᠦᠷᠬᠡᠳᠬᠡᠵᠦ᠂ ᠬᠠᠮᠳᠤᠷᠠᠯᠴᠠᠵᠦ ᠪᠠᠶᠢᠭᠠᠳ ᠠᠮᠢ ᠠᠬᠤᠢ ᠶᠢᠨ ᠪᠤᠯᠪᠠᠰᠤᠨ ᠢ ᠬᠠᠮᠳᠤᠪᠠᠷ ᠪᠠᠶᠢᠭᠤᠯᠵᠦ᠂ ᠠᠵᠦ ᠦᠢᠯᠡᠰ ᠤᠨ ᠵᠤᠬᠢᠴᠠᠩᠭᠤᠢ ᠬᠦᠭᠵᠢᠯᠳᠡ ᠶᠢ ᠶᠡᠬᠡᠪᠡᠷ ᠠᠬᠢᠭᠤᠯᠵᠦ᠂ ᠤᠯᠠᠨ ᠨᠡᠶᠢᠳᠡ ᠶᠢᠨ ᠦᠢᠯᠡᠴᠢᠯᠡᠭᠡ ᠶᠢ ᠬᠠᠮᠳᠤᠪᠠᠷ ᠪᠠᠶᠢᠭᠤᠯᠵᠦ ᠬᠠᠮᠳᠤᠪᠠᠷ ᠡᠳ᠋ᠯᠡᠵᠦ᠂ ᠰᠢᠨ᠎ᠡ ᠶᠢ ᠡᠭᠦᠳᠴᠦ ᠳᠠᠶᠢᠴᠢᠯᠠᠨ ᠬᠦᠭᠵᠢᠬᠦᠯᠬᠦ ᠶᠢ ᠨᠢᠬᠡᠳᠦᠯᠳᠡᠢ ᠳᠦᠯᠦᠪᠵᠢᠬᠦᠯᠵᠦ᠂ ᠦᠬᠡᠷᠡᠴᠢᠯᠡᠯᠳᠡ ᠨᠡᠬᠡᠬᠡᠯᠳᠡ ᠶᠢ ᠬᠠᠮᠳᠤᠪᠠᠷ ᠠᠬᠢᠭᠤᠯᠵᠦ᠂ ᠬᠦᠬᠡᠬᠤᠳᠠ ᠪᠤᠭᠤᠲᠤ ᠤᠷᠳᠤᠰ ᠭᠤᠷᠪᠠᠨ ᠬᠤᠳᠠ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠤᠨ ᠰᠢᠨ᠎ᠡ ᠦᠷ᠎ᠠ ᠪᠦᠳᠦᠮᠵᠢ ᠣᠯᠬᠤ ᠬᠡᠷᠡᠭᠳᠡᠢ᠃ ᠡᠷᠬᠡᠪᠰᠢ ᠬᠦᠬᠡᠬᠤᠳᠠ ᠪᠤᠭᠤᠲᠤ ᠤᠷᠳᠤᠰ ᠤᠨ ᠵᠤᠬᠢᠴᠠᠩᠭᠤᠢ ᠬᠦᠭᠵᠢᠯᠳᠡ ᠶᠢᠨ ᠤᠳᠤᠷᠢᠳᠬᠤ ᠪᠠᠶᠢᠭᠤᠯᠤᠮᠵᠢ ᠪᠤᠯᠤᠨ ᠠᠬᠢᠭᠤᠯᠬᠤ ᠳᠤᠬᠳᠠᠴᠠ ᠶᠢ ᠳᠡᠬᠦᠯᠳᠡᠷᠵᠢᠬᠦᠯᠵᠦ᠂ ᠳᠦᠷᠦ ᠶᠢᠨ ᠪᠤᠳᠤᠯᠭ᠎ᠠ ᠪᠤᠯᠤᠨ ᠠᠷᠭ᠎ᠠ ᠬᠡᠮᠵᠢᠶ᠎ᠡ ᠶᠢ ᠳᠤᠬᠳᠠᠭᠠᠨ ᠳᠡᠬᠦᠯᠳᠡᠷᠵᠢᠬᠦᠯᠵᠦ᠂ ᠡᠯ᠎ᠠ ᠳᠡᠰ ᠳᠠᠪᠬᠤᠷᠭ᠎ᠠ ᠶᠢᠨ ᠵᠦᠪᠳᠡᠯᠴᠡᠬᠡᠨ ᠤ ᠳᠤᠬᠳᠠᠴᠠ ᠶᠢ ᠪᠠᠶᠢᠭᠤᠯᠵᠦ᠂ ᠵᠠᠰᠠᠬ ᠤᠨ ᠤᠷᠳᠤᠨ ᠤ ᠴᠢᠳᠠᠪᠬᠢ ᠶᠢ ᠳᠦᠷᠬᠡᠨ ᠬᠤᠪᠢᠷᠠᠭᠤᠯᠵᠦ᠂ ᠤᠯᠠᠨ ᠨᠡᠶᠢᠳᠡ ᠶᠢᠨ ᠦᠢᠯᠡᠴᠢᠯᠡᠬᠡᠨ ᠤ ᠬᠢᠷᠢ ᠳᠦᠪᠰᠢᠨ ᠢ ᠳᠡᠬᠡᠭᠰᠢᠯᠡᠬᠦᠯᠵᠦ᠂ ᠰᠠᠶᠢᠨ ᠰᠠᠶᠢᠬᠠᠨ ᠵᠠᠬ᠎ᠠ ᠳᠡᠯᠬᠡᠬᠦᠷ ᠤᠨ ᠤᠷᠴᠢᠨ ᠳᠤᠭᠤᠷᠢᠨ ᠢ ᠡᠭᠦᠳᠴᠦ᠂ ᠬᠦᠬᠡᠬᠤᠳᠠ ᠪᠤᠭᠤᠲᠤ ᠤᠷᠳᠤᠰ ᠤᠨ ᠵᠤᠬᠢᠴᠠᠩᠭᠤᠢ ᠬᠦᠭᠵᠢᠯᠳᠡ ᠶᠢᠨ ᠪᠦᠬᠦᠯᠢ ᠴᠤᠬᠴᠠ ᠶᠢᠨ ᠨᠡᠶᠢᠯᠡᠯ ᠬᠦᠴᠦᠨ ᠢ ᠴᠢᠨᠠᠬᠰᠢᠳᠠ ᠪᠦᠷᠢᠯᠳᠦᠬᠦᠯᠵᠦ᠂ ᠬᠦᠬᠡᠬᠤᠳᠠ ᠪᠤᠭᠤᠲᠤ ᠤᠷᠳᠤᠰ ᠢ ᠠᠮᠢ ᠠᠬᠤᠢ ᠭᠤᠶᠤ᠂ ᠵᠠᠮ ᠬᠠᠷᠢᠯᠴᠠᠭ᠎ᠠ ᠰᠢᠯᠤᠭᠤᠨ᠂ ᠠᠵᠦ ᠠᠬᠤᠢ ᠵᠤᠬᠢᠴᠠᠩᠭᠤᠢ᠂ ᠵᠠᠬ᠎ᠠ ᠳᠡᠯᠬᠡᠬᠦᠷ ᠨᠢᠬᠡᠳᠦᠯᠳᠡᠢ᠂ ᠳᠤᠬᠳᠠᠴᠠ ᠰᠢᠨᠵᠢᠯᠡᠬᠦ ᠤᠬᠠᠭᠠᠨᠴᠢ ᠰᠢᠵᠢᠷ ᠠᠯᠳᠠᠨ ᠠᠵᠤ ᠠᠬᠤᠢ ᠶᠢᠨ ᠪᠦᠰᠡ ᠪᠤᠯᠭᠠᠨ ᠪᠦᠳᠦᠬᠡᠨ ᠪᠠᠶᠢᠭᠤᠯᠬᠤ ᠪᠠᠷ ᠴᠢᠷᠮᠠᠶᠢᠬᠤ ᠬᠡᠷᠡᠭᠳᠡᠢ᠃ ᠬᠦᠬᠡᠬᠤᠲᠠ ᠪᠤᠭᠤᠲᠤ ᠤᠷᠲᠤᠰ ᠢ ᠬᠠᠮᠲᠤᠪᠠᠷ ᠬᠦᠭᠵᠢᠭᠦᠯᠬᠦ ᠴᠤᠭ ᠰᠦᠯᠲᠠ ᠪᠠᠨ ᠴᠢᠨᠠᠭᠰᠢᠲᠠ ᠰᠡᠷᠭᠦᠭᠡᠵᠦ᠂ ᠨᠠᠮ ᠤᠨ ᠲᠦᠪ ᠬᠤᠷᠢᠶᠠᠠ ᠎ ᠤ ᠲᠦᠷᠦ ᠶᠢ ᠵᠠᠰᠠᠵᠦ ᠵᠠᠰᠠᠭ ᠤᠨ ᠶᠠᠪᠤᠲᠠᠯ ᠢ ᠡᠷᠬᠢᠯᠡᠬᠦ ᠰᠢᠨ᠎ᠠ ᠤᠢᠢᠯᠠᠭᠠᠭᠲᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠲᠤᠯᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠵᠦ᠂ ᠦᠢᠯᠡᠲᠦᠯᠭᠡ ᠪᠠᠨ ᠵᠢᠯᠤᠭᠤᠲᠤᠭᠤᠯᠤᠨ᠂ ᠠᠵᠢᠯ ᠎ ᠢᠶᠠᠨ ᠠᠬᠢᠭᠤᠯᠵᠦ᠂ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠪᠤᠯᠤᠨ ᠰᠤᠷᠲᠠᠯ ᠢᠶᠠᠨ ᠬᠤᠪᠢᠷᠠᠭᠤᠯᠬᠤ ᠶᠢ ᠦᠷᠬᠦᠯᠵᠢᠯᠠᠠ ᠠᠬᠢᠭᠤᠯᠵᠦ᠂ ᠰᠤᠷᠲᠠᠯ ᠢ ᠲᠦᠪ ᠪᠤᠯᠭᠠᠠ ᠰᠠᠬᠢᠯᠭ᠎ᠠ ᠪᠠᠲᠤ ᠶᠢ ᠴᠢᠩᠭᠠᠯᠠᠬᠤ ᠠᠵᠢᠯ ᠢ ᠦᠴᠤᠭᠡᠡ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠦ᠂ ᠬᠦᠬᠡᠬᠤᠲᠠ ᠪᠤᠭᠤᠲᠤ ᠤᠷᠲᠤᠰ ᠢ ᠬᠠᠮᠲᠤᠪᠠᠷ ᠬᠦᠭᠵᠢᠭᠦᠯᠬᠦ ᠳᠤ ᠰᠠᠶᠢᠨ ᠰᠠᠶᠢᠬᠠᠠ ᠤᠷᠴᠢᠨ ᠲᠤᠭᠤᠷᠢᠨ ᠢ ᠪᠤᠢ ᠪᠤᠯᠭᠠᠠ ᠦᠭᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠪᠦ᠋ ᠰᠢᠶᠤᠤ ᠯᠢᠨ᠂ ᠬᠦᠬᠡᠬᠤᠲᠠ ᠪᠤᠭᠤᠲᠤ ᠤᠷᠲᠤᠰ ᠤᠨ ᠠᠵᠦ ᠠᠬᠤᠢ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠡ᠂ ᠠᠵᠦ ᠦᠢᠯᠡᠰ ᠢ ᠰᠢᠯᠢᠲᠡᠭᠴᠢᠯᠡᠡ ᠲᠡᠰ ᠲᠡᠪᠰᠢᠭᠦᠯᠬᠦ ᠶᠢ ᠭᠤᠤᠯᠲᠠᠯᠭ᠎ᠠ ᠲᠠᠢ ᠰᠠᠶᠢᠲᠤᠷ ᠠᠳᠬᠤᠵᠦ᠂ ᠡᠬᠢ ᠪᠠᠶᠠᠯᠢᠭ ᠤᠨ ᠬᠡᠯᠪᠡᠷᠢ ᠲᠠᠢ ᠠᠵᠦ ᠦᠢᠯᠡᠰ ᠢ ᠬᠦᠴᠤᠷᠭᠡᠭᠵᠢᠭᠦᠯᠦᠨ᠂ ᠡᠬᠢ ᠪᠠᠶᠠᠯᠢᠭ ᠎ ᠤᠨ ᠪᠤᠰᠤ ᠠᠵᠦ ᠦᠢᠯᠡᠰ ᠢ ᠶᠡᠭᠡᠪᠡᠷ ᠬᠦᠭᠵᠢᠭᠦᠯᠵᠦ᠂ ᠪᠦᠬᠦ᠋ᠢᠯᠡ ᠦᠢᠯᠡᠴᠢᠯᠡᠭᠡᠡ ᠤ ᠦᠢᠯᠡᠰ ᠤᠨ ᠬᠦᠭᠵᠢᠯᠲᠠ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠵᠦ᠂ ᠤᠯᠠᠠ ᠡᠰᠢᠴᠢᠯᠡᠡ ᠬᠦᠭᠵᠢᠭᠦᠯᠬᠦ᠂ ᠤᠯᠠᠠ ᠲᠦᠢᠯ ᠢᠶᠠᠷ ᠲᠤᠯᠭᠠᠭᠤᠷᠢᠯᠠᠭᠤᠯᠬᠤ ᠣᠳᠣ ᠦᠶ᠎ᠠ ᠶᠢᠨ ᠠᠵᠦ ᠦᠢᠯᠡᠰ ᠢ ᠪᠠᠶᠢᠭᠤᠯᠬᠤ ᠭᠡᠷᠡᠭᠲᠡᠢ᠃ ᠰᠢᠨ᠎ᠠ ᠶᠢ ᠡᠭᠦᠳᠬᠦ ᠶᠢ ᠬᠦᠭᠵᠢᠯᠳᠠ ᠶᠢᠨ ᠭᠤᠣᠯᠯᠠᠬᠤ ᠪᠠᠶᠢᠷᠢᠨ ᠳᠤ ᠲᠠᠯᠪᠢᠨ᠂ ᠰᠢᠨᠵᠢᠯᠡᠬᠦ ᠤᠠᠬᠭᠠᠠ ᠮᠡᠷᠭᠡᠵᠢᠯ ᠢ ᠬᠦᠨᠲᠦᠳᠭᠡᠡ ᠴᠢᠬᠤᠯᠠᠴᠢᠯᠠᠵᠦ᠂ ᠰᠡᠭᠡᠭᠡᠲᠡᠳ ᠢ ᠬᠦᠨᠲᠦᠳᠭᠡᠡ ᠴᠢᠬᠤᠯᠠᠴᠢᠯᠠᠵᠦ᠂ ᠰᠢᠨᠵᠢᠯᠡᠬᠦ ᠤᠠᠬᠭᠠᠠ ᠮᠡᠷᠭᠡᠵᠢᠯ ᠎ ᠤᠨ ᠳᠠᠭᠠᠭᠤᠯᠬᠤ ᠪᠠ ᠲᠤᠯᠭᠠᠭᠤᠷᠢᠯᠠᠭᠤᠯᠬᠤ ᠬᠦᠴᠤᠨ ᠢ ᠬᠦᠢᠴᠡᠳ ᠪᠠᠲᠠᠷᠠᠭᠤᠯᠤᠨ᠂ ᠦᠪᠡᠷᠲᠡᠭᠡᠡ ᠵᠠᠰᠠᠬᠤ ᠤᠷᠤᠨ ᠎ ᠤ ᠰᠢᠨ᠎ᠠ ᠶᠢ ᠡᠭᠦᠳᠬᠦ ᠬᠦᠭᠵᠢᠯᠲᠠ ᠶᠢᠨ ᠳᠠᠭᠠᠭᠤᠯᠬᠤ ᠲᠤᠭᠤᠷᠢᠭ ᠢ ᠴᠢᠷᠮᠠᠶᠢᠨ ᠪᠠᠶᠢᠭᠤᠯᠬᠤ ᠭᠡᠷᠡᠭᠲᠡᠢ᠃ ᠭᠠᠳᠠᠭᠠᠳᠤ  ᠳᠤᠲᠤᠭᠠᠳᠤ ᠨᠡᠭᠡᠭᠡᠯᠲᠡ ᠶᠢ ᠪᠦᠬᠦ ᠲᠠᠯ᠎ᠠ ᠪᠠᠷ ᠦᠷᠭᠡᠳᠭᠡᠡ᠂ ᠪᠦᠬᠦ ᠤᠷᠤᠨ ᠢ ᠲᠠᠭᠠᠭᠤᠯᠤᠨ ᠨᠡᠩ ᠦᠷᠭᠡᠡ ᠲᠡᠯᠭᠡᠷ᠂ ᠬᠦᠨᠵᠡᠭᠡᠢ ᠨᠡᠭᠡᠭᠡᠯᠲᠡ ᠬᠢᠯᠭᠡᠬᠦ ᠬᠡᠷᠡᠭᠲᠡᠢ᠃ ᠬᠦᠬᠡᠬᠤᠲᠠ ᠪᠤᠭᠤᠲᠤ ᠤᠷᠲᠤᠰ ᠢ ᠵᠤᠬᠢᠴᠠᠭᠤᠯᠤᠨ ᠬᠦᠭᠵᠢᠭᠦᠯᠬᠦ ᠲᠦᠯᠦᠪᠵᠢᠭᠦᠯᠭᠡ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠤᠨ᠂ ᠲᠠᠪᠠᠭᠤᠯᠢᠭ ᠢᠶᠠᠨ ᠬᠠᠷᠢᠯᠴᠠᠠ ᠨᠦᠬᠦᠪᠦᠷᠢᠯᠡᠭᠦ᠂ ᠬᠠᠮᠲᠦᠪᠠᠷ ᠠᠬᠢᠭᠤᠯᠬᠤ ᠬᠦᠭᠵᠢᠯᠲᠠ ᠶᠢᠨ ᠪᠠᠶᠢᠷᠢᠰᠢᠯ ᠢ ᠪᠦᠷᠢᠯᠲᠦᠭᠦᠯᠬᠦ ᠬᠡᠷᠡᠭᠲᠡᠢ᠃  ᠵᠣᠬᠢᠴᠠᠭᠤᠯᠬᠤ ᠪᠠ ᠬᠠᠮᠲᠤᠪᠡᠷ ᠡᠳ᠋ᠯᠡᠬᠦ ᠬᠦᠭᠵᠢᠯᠲᠠ ᠶᠢ ᠴᠢᠷᠮᠠᠶᠢᠨ ᠠᠬᠢᠭᠤᠯᠵᠦ᠂ ᠠᠵᠦ ᠠᠬᠤᠢ ᠶᠢᠨ ᠨᠡᠮᠡᠭᠲᠡᠯ ᠪᠤᠯᠤᠨ ᠠᠷᠠᠳ ᠤᠨ ᠠᠮᠢᠲᠤᠷᠠᠯ ᠢ ᠰᠠᠶᠢᠵᠢᠷᠠᠭᠤᠯᠬᠤ ᠬᠠᠷᠢᠴᠠᠭ᠎ᠠ ᠶᠢ ᠨᠡᠩ ᠰᠠᠶᠢᠲᠤᠷ ᠰᠢᠢᠳᠪᠦᠷᠢᠯᠡᠡ᠂ ᠬᠠᠮᠲᠤᠪᠠᠷ ᠴᠢᠨᠡᠭᠡᠯᠢᠭᠵᠢᠬᠦ ᠨᠡᠶᠢᠭᠡᠮ ᠤᠨ ᠡᠨᠡᠬᠦ ᠮᠦᠨ ᠴᠢᠨᠠᠷ ᠢ ᠪᠠᠲᠤ ᠡᠵᠡᠮᠲᠡᠡ᠂ ᠪᠦᠬᠦ ᠠᠷᠠᠳ ᠤᠨ ᠬᠠᠮᠲᠤᠪᠠᠷ ᠴᠢᠨᠡᠭᠡᠯᠢᠭ ᠨᠡᠶᠢᠭᠡᠮ ᠳᠤ ᠲᠠᠪᠰᠢᠨ ᠣᠷᠣᠬᠤ ᠶᠢ ᠪᠠᠲᠤᠯᠠᠬᠤ ᠪᠦᠭᠡᠳ ᠪᠦᠬᠦ ᠤᠷᠤᠨ ᠳᠤ ᠵᠢᠱᠢᠶ᠎ᠠ ᠦᠵᠡᠭᠦᠯᠬᠦ ᠦᠢᠯᠡᠲᠦᠯ ᠢ ᠪᠠᠳᠠᠷᠠᠭᠤᠯᠬᠤ ᠬᠡᠷᠡᠭᠲᠡᠢ᠃ ᠪᠤᠬᠢᠷᠲᠤᠯ ᠦᠭᠡᠢ ᠬᠦᠭᠵᠢᠯᠲᠠ ᠶᠢ ᠴᠢᠷᠮᠠᠶᠢᠨ ᠠᠬᠢᠭᠤᠯᠵᠦ᠂ ᠤᠯᠠᠮᠵᠢᠯᠠᠯᠲᠦ ᠠᠵᠦ ᠦᠢᠯᠡᠰ ᠢ ᠪᠤᠬᠢᠷᠲᠤᠯ ᠦᠭᠡᠢ ᠪᠤᠯᠭᠠᠠ ᠦᠭᠡᠷᠡᠴᠢᠯᠡᠡ ᠪᠠᠶᠢᠭᠤᠯᠬᠤ ᠶᠢ ᠠᠬᠢᠭᠤᠯᠵᠦ᠂ ᠵᠤᠭᠠᠴᠠᠯ᠂ ᠲᠠᠷᠢᠶᠠᠯᠠᠩ ᠤᠨ ᠪᠦᠲᠦᠭᠡᠭᠲᠡᠭᠦᠨ ᠮᠠᠯ ᠤᠨ ᠠᠰᠢᠭ ᠰᠢᠮ᠎ᠠ ᠶᠢ ᠦᠢᠯᠡᠳᠪᠦᠷᠢᠯᠡᠡ ᠡᠳ᠋ᠰᠢᠭᠦᠯᠬᠦ᠂ ᠰᠠᠯᠬᠢᠨ ᠬᠦᠴᠤᠨ ᠤ ᠡᠨᠧᠷᠬᠢ ᠵᠡᠷᠭᠡ ᠪᠤᠬᠢᠷᠲᠤᠯ ᠦᠭᠡᠢ ᠠᠵᠦ ᠦᠢᠯᠡᠰ ᠢ ᠶᠡᠬᠡᠪᠠᠷ ᠬᠦᠭᠵᠢᠭᠦᠯᠵᠦ᠂ ᠠᠵᠦ ᠠᠬᠤᠢ ᠶᠢᠨ ᠰᠢᠨ᠎ᠠ ᠨᠡᠮᠡᠭᠲᠡᠯ ᠤᠨ ᠴᠡᠭ ᠢ ᠪᠦᠷᠢᠯᠲᠦᠭᠦᠯᠬᠦ ᠬᠡᠷᠡᠭᠲᠡᠢ᠃ ᠦᠵᠡᠯ ᠰᠠᠨᠠᠭ᠎ᠠ ᠪᠠᠨ ᠴᠢᠯᠦᠭᠡᠯᠡᠵᠦ᠂ ᠤᠷᠴᠢᠨ ᠲᠤᠭᠤᠷᠢᠨ ᠢᠶᠠᠨ ᠰᠢᠯᠢᠲᠡᠭᠵᠢᠬᠦᠯᠵᠦ᠂ ᠬᠠᠤᠯᠢ ᠶᠤᠰᠤᠭᠠᠷ ᠴᠢᠩᠭ᠎ᠠ ᠵᠠᠰᠠᠭ ᠶᠠᠪᠤᠭᠤᠯᠵᠦ᠂ ᠵᠠᠰᠠᠭ ᠤᠨ ᠶᠠᠪᠤᠲᠠᠯ ᠤᠨ ᠦᠢᠯᠡᠴᠢᠯᠡᠭᠡ ᠪᠤᠯᠤᠨ ᠢᠲᠡᠭᠡᠯ ᠤᠨ ᠪᠠᠶᠢᠭᠤᠯᠤᠯᠲᠠ ᠶᠢ ᠴᠢᠩᠭᠠᠳᠬᠠᠠ᠂ ᠠᠵᠦ ᠠᠬᠤᠢᠢᠯᠠᠯ ᠪᠤᠯᠤᠨ ᠠᠵᠦ ᠠᠬᠤᠢᠢᠯᠠᠯᠲᠠᠠ ᠢ ᠰᠠᠨᠠᠭ᠎ᠠ ᠠᠮᠤᠷ ᠨᠢᠭᠡᠯᠡ ᠰᠡᠳᠭᠢᠯ ᠢᠶᠠᠷ ᠦᠢᠯᠡᠰ ᠪᠤᠰᠬᠠᠯᠭᠠᠬᠤ ᠭᠡᠷᠡᠭᠲᠡᠢ ᠭᠡᠵᠦ ᠱᠠᠭᠠᠷᠲᠠᠪᠠ᠃      ᠦᠪᠡᠷᠲᠡᠭᠡᠡ ᠵᠠᠰᠠᠬᠤ ᠤᠷᠤᠠ ᠤ ᠤᠲᠤᠷᠢᠲᠤᠯᠭ᠎ᠠ ᠹᠦ᠋ ᠲᠠᠢ ᠽᠧᠩ᠂ ᠨᠠᠰᠤᠨᠮᠦ᠋ᠩᠭᠡ᠂ ᠸᠠᠩ ᠵᠦᠩ ᠡᡁᠧ᠂ ᠵᠠᠩ ᠶᠤᠸᠠᠠ ᠵᠦᠩ᠂ ᠸᠠᠩ ᠬᠤᠸᠠᠠ ᠴᠧᠩ ᠪᠠᠷ᠎ᠠ ᠪᠤᠯᠵᠦ ᠪᠠᠶᠢᠴᠠᠭᠠᠠ ᠰᠤᠲᠤᠯᠤᠯᠲᠠ ᠬᠢᠵᠠᠢ᠃      
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号