| 9 ᠳ᠋ᠤᠭᠡᠷ ᠰᠠᠷ᠎ᠠ ᠶᠢᠨ 24 ᠤ ᠡᠳᠦᠷ᠂ ᠭᠤᠷᠪᠠᠳᠤᠭᠠᠷ ᠬᠤᠭᠤᠴᠠᠭᠠᠨ ᠤ ᠦᠪᠦᠷ ᠮᠤᠩᠭᠤᠯ ︵ᠤᠯᠠᠨ | ᠤᠯᠤᠰ︶ ᠤᠨ ᠮᠤᠷᠢᠨ ᠮᠡᠷᠬᠡᠵᠢᠯ ᠤᠨ ᠨᠠᠶᠢᠷ ᠤᠨ ᠥᠪᠥᠷ ᠮᠤᠩᠭᠤᠯ ᠤᠨ ᠮᠤᠷᠢᠨ ᠤᠷᠤᠯᠳᠤᠭᠠᠨ ᠤ ᠲᠠᠯᠠᠪᠠᠢ ᠳᠤ | ᠥᠪᠳᠡᠭᠰᠢ ᠶᠡᠬᠡᠪᠡᠷ ᠡᠬᠢᠯᠡᠪᠠ᠃ | ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢᠦ ᠰᠢᠨ ᠯᠧ᠂ ᠦᠪᠡᠷᠳᠡᠬᠡᠨ ᠵᠠᠰᠠᠬᠤ ᠤᠷᠤᠨ ᠤ | ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠶᠠᠩ ᠴᠧᠩ ᠸᠠᠩ ᠡᠬᠢᠯᠡᠯᠳᠠ ᠶᠢᠨ ᠶᠤᠰᠤᠯᠠᠯ ᠳᠤ | ᠤᠷᠤᠯᠴᠠᠵᠤ᠂ ᠯᠢᠦ ᠰᠢᠨ ᠯᠧ ᠮᠤᠷᠢᠨ ᠮᠡᠷᠬᠡᠵᠢᠯ ᠤᠨ ᠨᠠᠶᠢᠷ ᠡᠬᠢᠯᠡᠭᠰᠡᠡ ᠢ ᠵᠠᠷᠯᠠᠵᠠᠢ᠃ | ᠠᠳᠤᠭᠤᠨ ᠰᠤᠶᠤᠯ ᠢ ᠤᠯᠠᠮᠵᠢᠯᠠᠨ ᠬᠦᠭᠵᠢᠭᠦᠯᠬᠦ ᠪᠠᠷ ᠮᠠᠨ ᠤ ᠤᠷᠤᠨ 2014 ᠤᠨ ᠠᠴᠠ ᠨᠠᠰᠢ ᠬᠤᠶᠠᠷ | ᠤᠳᠠᠭᠠᠨ ᠤ ᠮᠤᠷᠢᠨ ᠮᠡᠷᠬᠡᠵᠢᠯ ᠤᠨ ᠨᠠᠶᠢᠷ ᠢ ᠠᠮᠵᠢᠯᠳᠠᠳᠠᠢ ᠡᠷᠬᠢᠯᠡᠨ ᠶᠠᠪᠤᠭᠳᠠᠭᠤᠯᠵᠤ᠂ ᠤᠳᠤ ᠪᠤᠯᠬᠤ ᠳᠤ ᠲᠤᠰ | ᠲᠦᠷᠦᠯ ᠤᠨ ᠨᠠᠶᠢᠷ ᠨᠢ ᠨᠢᠬᠡᠨᠳᠠ ᠰᠤᠶᠤᠯ ᠤᠨ ᠰᠤᠯᠢᠯᠴᠠᠭ᠎ᠠ ᠬᠢᠬᠦ᠂ ᠪᠤᠯᠪᠠᠰᠤᠨ ᠢ ᠲᠦᠬᠡᠬᠡᠬᠦ᠂ ᠨᠦᠬᠦᠷᠯᠡᠯ ᠢ | ᠠᠬᠢᠭᠤᠯᠬᠤ ᠴᠢᠬᠤᠯᠠ ᠬᠦᠬᠦᠷᠬᠡ ᠬᠤᠯᠪᠤᠭᠠᠰᠤ᠂ ᠦᠨᠳᠦᠰᠦᠳᠠᠨ ᠨᠦᠭᠦᠳ ᠤᠨ ᠠᠷᠠᠳ ᠲᠦᠮᠡᠨ ᠤ ᠰᠤᠶᠤᠯ ᠤᠨ | ᠠᠮᠢᠳᠤᠷᠠᠯ ᠢ ᠪᠠᠶᠠᠯᠢᠭᠵᠢᠭᠤᠯᠬᠤ ᠴᠢᠬᠤᠯᠠ ᠵᠠᠮ ᠰᠤᠪᠠᠭ᠂ ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠶᠢᠨ | ᠬᠦᠭᠵᠢᠯᠳᠠ ᠶᠢᠨ ᠲᠦᠯᠬᠢᠴᠡ ᠬᠦᠴᠦᠨ ᠪᠤᠯᠵᠤ᠂ ᠦᠨᠳᠦᠰᠦᠳᠠᠨ ᠤ ᠲᠠᠮᠢᠷ ᠤᠨ ᠲᠡᠯᠡᠬᠡᠢ ᠶᠢᠨ ᠲᠠᠪᠴᠠᠩ ᠳᠤ | ᠭᠠᠷᠬᠤ ᠶᠢ ᠠᠬᠢᠭᠤᠯᠤᠭᠰᠠᠠ ᠪᠠᠶᠢᠨ᠎ᠠ᠃ | ᠲᠠᠮᠢᠷ ᠤᠨ ᠠᠵᠤ ᠦᠢᠯᠡᠰ ᠨᠢᠰᠬᠦ ᠮᠡᠳᠤ ᠲᠦᠷᠬᠡᠨ ᠬᠦᠭᠵᠢᠵᠤ ᠪᠠᠶᠢᠭ᠎ᠠ ᠡᠨᠡ ᠰᠠᠶᠢᠬᠠᠨ ᠡᠷᠡᠨ ᠳᠤ᠂ ᠲᠤᠰ | ᠬᠤᠭᠤᠴᠠᠭᠠᠨ ᠤ ᠮᠤᠷᠢᠨ ᠮᠡᠷᠬᠡᠵᠢᠯ ᠤᠨ ᠨᠠᠶᠢᠷ ᠠᠭᠤᠯᠤᠭᠳᠠᠬᠤᠨ ᠢᠶᠠᠨ ᠦᠷᠬᠡᠳᠬᠡᠬᠦ ᠶᠢᠨ ᠬᠠᠮᠳᠤ ᠠᠭᠤᠯᠬᠤᠨ ᠢᠶᠠᠨ | ᠲᠡᠯᠡᠵᠤ᠂ ︽ᠠᠭᠤᠯᠵᠠᠯᠳᠠ · ᠠᠭᠤᠰᠤᠯᠴᠠᠯ︾ ᠢᠶᠠᠷ ᠭᠤᠤᠯ ᠰᠡᠳᠦᠪ ᠢᠶᠠᠨ ᠪᠤᠯᠭᠠᠵᠤ᠂ ᠦᠨᠳᠦᠰᠦᠳᠠᠨ ᠤ ᠲᠠᠮᠢᠷ | ᠤᠨ ᠲᠠᠪᠰᠢᠯᠳᠠ ᠪᠤᠯᠤᠨ ᠠᠵᠤ ᠦᠢᠯᠡᠰ ᠤᠨ ᠲᠡᠰ ᠲᠡᠪᠰᠢᠨ ᠬᠦᠭᠵᠢᠬᠦ ᠶᠢ ᠠᠬᠢᠭᠤᠯᠬᠤ ᠪᠠᠷ ᠬᠠᠷᠠᠯᠳᠠ ᠪᠠᠨ | ᠪᠤᠯᠭᠠᠭᠰᠠᠠ ᠪᠠᠶᠢᠨ᠎ᠠ᠃ ᠲᠤᠰ ᠬᠤᠭᠤᠴᠠᠭᠠᠨ ᠤ ᠮᠤᠷᠢᠨ ᠮᠡᠷᠬᠡᠵᠢᠯ ᠤᠨ ᠨᠠᠶᠢᠷ ᠨᠢ ᠮᠤᠷᠢᠨ ᠮᠡᠷᠬᠡᠵᠢᠯ ᠤᠨ | ᠤᠷᠤᠯᠳᠤᠭᠠᠨ᠂ ᠮᠤᠷᠢᠨ ᠮᠡᠷᠬᠡᠵᠢᠯ ᠤᠨ ᠲᠤᠭᠯᠠᠯᠳᠠ᠂ ᠠᠳᠤᠭᠤᠨ ᠰᠤᠶᠤᠯ ᠤᠨ ᠦᠵᠡᠬᠦᠯᠦᠯᠬᠡ᠂ ᠠᠳᠤᠭᠤᠨ ᠤ | ᠠᠵᠤ ᠦᠢᠯᠡᠰ ᠤᠨ ᠦᠬᠦᠯᠡᠯ ᠤᠨ ᠲᠠᠪᠴᠠᠩ ᠵᠡᠷᠬᠡ ᠲᠦᠷᠪᠠᠨ ᠬᠡᠰᠡᠭ ᠢᠶᠠᠷ ᠪᠦᠷᠢᠯᠳᠦᠵᠤ᠂ 9 ᠳ᠋ᠤᠭᠡᠷ ᠰᠠᠷ᠎ᠠ ᠶᠢᠨ | 24 ᠤ ᠡᠳᠦᠷ ᠠᠴᠠ 26 ᠤ ᠡᠳᠦᠷ ᠪᠤᠯᠳᠠᠯ᠎ᠠ ᠪᠠᠰᠠ ᠬᠤᠷᠳᠤᠨ ᠮᠤᠷᠢᠨ ᠤ ᠤᠷᠤᠯᠳᠤᠭᠠᠨ᠂ ᠵᠢᠷᠤᠭ᠎ᠠ ᠮᠤᠷᠢᠨ ᠤ | ᠤᠷᠤᠯᠳᠤᠭᠠᠨ᠂ ᠮᠤᠷᠢᠨ ᠨᠢᠷᠤᠭᠤᠨ ᠲᠡᠬᠡᠷᠡᠬᠢ ᠬᠤᠶᠠᠷ ᠲᠦᠷᠦᠯ ᠤᠨ ᠤᠷᠤᠯᠳᠤᠭᠠᠨ ᠵᠢᠴᠢ ᠲᠠᠯᠠᠪᠠᠢ ᠳᠤ ᠰᠠᠭᠠᠳ | ᠲᠠᠪᠠᠭ᠋ᠤ ᠵᠡᠷᠬᠡ ᠲᠦᠷᠦᠯ ᠵᠦᠢᠯ ᠤᠨ ᠤᠷᠤᠯᠳᠤᠭᠠᠨ ᠢ ᠲᠤᠬᠢᠷᠠᠭᠤᠯᠵᠤ᠂ ᠪᠦᠬᠦ᠋ᠢᠯᠠ ᠠᠵᠢᠯᠯᠠᠭ᠎ᠠ ᠨᠢ ᠵᠢᠯ ᠤᠨ | ᠰᠡᠬᠦᠯᠴᠢ ᠪᠤᠯᠳᠠᠯ᠎ᠠ ᠶᠠᠪᠤᠭᠳᠠᠬᠤ ᠪᠤᠯᠤᠨ᠎ᠠ᠃ | | |