ᠪᠤᠭᠤᠲᠤ ᠬᠤᠲᠠ ᠶᠢᠨ ᠡᠮᠨᠡᠯᠭᠡ ᠳᠤ ᠰᠠᠭᠤᠬᠤ ᠠᠰᠢᠭ ᠢ ᠬᠦᠷᠲᠡᠭᠰᠡᠨ ᠮᠠᠯᠴᠢᠨ ᠲᠠᠷᠢᠶᠠᠴᠢᠳ 12289 ᠬᠥᠮᠥᠨ ᠤᠳᠠᠭ᠎ᠠ ᠳᠤ ᠬᠦᠷᠪᠡ
ᠨᠡᠶᠢᠲᠡᠯᠡᠭᠰᠡᠨ ᠴᠠᠭ᠄
2016/9/26
      ᠪᠦᠬᠦ ᠬᠤᠲᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠡᠮᠬᠢᠯᠡᠨ ᠨᠡᠶᠢᠯᠡᠭᠦᠯᠬᠦ ᠶᠢ ᠵᠢᠩᠬᠢᠨᠢ ᠪᠠᠷ ᠬᠡᠷᠡᠭᠵᠢᠭᠦᠯᠦᠭᠰᠡᠨ ᠤ ᠳᠠᠷᠠᠭ᠎ᠠ᠂ 8 ᠳ᠋ᠤᠭᠠᠷ ᠰᠠᠷ᠎ᠠ ᠶᠢᠨ ᠡᠴᠦᠰ ᠪᠣᠯᠬᠤ ᠳᠤ᠂ ᠡᠮᠨᠡᠯᠭᠡ ᠳᠤ ᠰᠠᠭᠤᠵᠤ ᠠᠰᠢᠭ ᠬᠦᠷᠲᠡᠭᠰᠡᠨ ᠮᠠᠯᠴᠢᠨ ᠲᠠᠷᠢᠶᠠᠴᠢᠳ 12289 ᠬᠥᠮᠦᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 19.32%᠎ ᠢᠶᠠᠷ ᠨᠡᠮᠡᠭᠳᠡᠵᠦ᠂ ᠮᠠᠯᠴᠢᠨ ᠲᠠᠷᠢᠶᠠᠴᠢᠳ ᠤᠨ ᠡᠮᠨᠡᠯᠭᠡ ᠳᠤ ᠰᠠᠭᠤᠭᠰᠠᠨ ᠳᠠᠩᠰᠠ ᠲᠠᠶᠢᠯᠬᠤ ᠬᠠᠷᠢᠴᠠᠯ ᠨᠢ 60.54%᠎ ᠳᠤ ᠬᠦᠷᠴᠦ᠂ ᠡᠮᠬᠢᠯᠡᠨ ᠨᠡᠶᠢᠯᠡᠭᠦᠯᠬᠦ ᠠᠴᠠ ᠡᠮᠦᠨᠡᠬᠢ ᠳᠠᠩᠰᠠ ᠲᠠᠶᠢᠯᠬᠤ ᠬᠠᠷᠢᠴᠠᠯ ᠠᠴᠠ 12.21%᠎ ᠪᠠᠷ ᠳᠡᠭᠡᠭᠰᠢᠯᠡᠪᠡ︔ ᠳᠠᠩ ᠡᠪᠡᠳᠴᠢᠨ ᠤ ᠵᠦᠢᠯ ᠤᠨ ᠠᠰᠢᠭ ᠬᠦᠷᠲᠡᠭᠴᠢ ᠴᠦ 449 ᠬᠥᠮᠦᠨ ᠤᠳᠠᠭ᠎ᠠ ᠳᠤ ᠬᠦᠷᠴᠡᠶ᠃ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠢᠨ᠎ᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠬᠤᠶᠢᠰᠢ᠂ ᠲᠠᠷᠢᠶᠠᠴᠢᠨ ᠮᠠᠯᠴᠢᠳ ᠨᠡᠩ ᠮᠡᠳᠡᠭᠳᠡᠮ᠎ᠡ ᠠᠰᠢᠭ ᠬᠦᠷᠲᠡᠵᠦ᠂ ᠢᠯᠠᠩᠭᠤᠶ᠎ᠠ ᠣᠨᠴᠠ ᠲᠤᠰᠤᠯᠲᠤ ᠵᠦᠢᠯ ᠤᠨ ᠡᠮ ᠤᠨ ᠰᠢᠨ᠎ᠡ ᠲᠦ᠋ᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠳᠠᠭᠠᠯᠳᠤᠨ᠂ ᠲᠠᠷᠢᠶᠠᠴᠢᠨ ᠮᠠᠯᠴᠢᠳ ᠤᠤᠯ ᠳᠠᠭᠠᠨ ᠡᠶᠢᠮᠦᠷᠬᠦ ᠡᠮ ᠤᠨ ᠵᠦᠢᠯ ᠤᠨ ᠳᠠᠩᠰᠠ ᠲᠠᠶᠢᠯᠬᠤ ᠶᠢ ᠬᠦᠷᠲᠡᠵᠦ ᠪᠣᠯᠬᠤ ᠦᠭᠡᠢ ᠪᠠᠶᠢᠭᠰᠠᠨ ᠠᠴᠠ ᠪᠠᠨ ᠣᠳᠣᠬᠠᠨ ᠳᠤ ᠨᠢᠭᠡᠨᠲᠡ 34 ᠬᠥᠮᠦᠨ ᠡᠨᠡ ᠬᠦ ᠲᠦᠷᠦ ᠶᠢᠨ ᠪᠤᠳᠤᠯᠭ᠎ᠠ ᠶᠢ ᠬᠦᠷᠲᠡᠵᠦ᠂ ᠳᠠᠩᠰᠠ ᠲᠠᠶᠢᠯᠤᠭᠰᠠᠨ ᠵᠣᠭᠤᠰ ᠤᠨ ᠲᠤᠭ᠎ᠠ ᠨᠢ 25.1 ᠲᠦᠮᠡᠨ ᠲᠥᠭᠦᠷᠢᠭ ᠲᠤ ᠬᠦᠷᠴᠦ᠂ ᠰᠠᠭᠤᠭᠠᠯᠢ ᠠᠷᠠᠳ ᠤᠨ ᠬᠦᠨᠳᠦ ᠡᠪᠡᠳᠴᠢᠨ ᠠᠴᠠ ᠪᠣᠯᠵᠤ ᠶᠠᠳᠠᠭᠤᠷᠠᠬᠤ ᠠᠬᠢᠭᠠᠳ ᠶᠠᠳᠠᠭᠤᠷᠠᠬᠤ ᠦᠵᠡᠭᠳᠡᠯ ᠢ ᠲᠦᠢᠯ ᠤᠨ ᠶᠡᠬᠡᠪᠡᠷ ᠨᠠᠮᠳᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号